| ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠥᠯᠴᠢ᠂ ᠵᠢᠷᠤᠮᠵᠢᠯ ᠲᠠᠢ | ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ | ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ | 2023 ᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ | ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠪᠡ᠃ ᠵᠢᠨᠢᠩ ᠲᠣᠭᠤᠷᠢᠭ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠭᠤᠬᠤ | ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ︽ᠪᠦᠷᠢᠨ ᠴᠢᠳᠠᠮᠵᠢᠳᠦ ᠺᠠᠷᠲ︾ ᠤᠨ | ᠰᠢᠰᠲ᠋ᠧᠮ ᠢᠶᠠᠷ ᠳᠠᠮᠵᠢᠭᠤᠯᠤᠨ ᠪᠣᠳᠠᠲᠠᠶᠢᠵᠢᠭᠤᠯᠤᠨ᠎ᠠ᠃ 10 ᠰᠠᠷ᠎ᠠ ᠶᠢᠨ ᠡᠴᠦᠰ ᠪᠣᠯᠲᠠᠯ᠎ᠠ᠂ ᠠᠷᠠᠳ ᠲᠤ ᠠᠰᠢᠭ | ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 12224.76 ᠲᠦᠮᠡᠨ ᠲᠥᠭᠦᠷᠢᠭ ᠲᠠᠷᠬᠠᠭᠠᠵᠤ᠂ | ᠨᠡᠶᠢᠲᠡ 485748 ᠬᠥᠮᠥᠨ ᠤᠳᠠᠭ᠎ᠠ ᠨᠥᠬᠦᠪᠦᠷᠢᠯᠡᠵᠦ᠂ ᠲᠠᠷᠢᠶᠠᠯᠠᠩ ᠤᠨ ᠲᠥᠷᠥᠯ ᠤᠨ ᠨᠥᠬᠦᠪᠦᠷᠢ᠂ ᠣᠶ | ᠰᠢᠭᠤᠢ ᠶᠢᠨ ᠲᠥᠷᠥᠯ ᠤᠨ ᠨᠥᠬᠦᠪᠦᠷᠢ᠂ ᠲᠥᠯᠥᠪᠯᠡᠭᠡᠲᠦ ᠦᠷᠡᠵᠢᠯ ᠤᠨ ᠨᠥᠬᠦᠪᠦᠷᠢ ᠵᠡᠷᠭᠡ ᠬᠦᠷᠢᠶᠡᠨ ᠳᠤ | ᠬᠤᠯᠪᠣᠭᠳᠠᠵᠠᠢ᠃ ᠡᠭᠦᠨ ᠳᠤ᠂ ᠨᠢᠭᠡ ᠰᠢᠶᠠᠩ ᠨᠢᠭᠡ ᠪᠠᠯᠭᠠᠰᠤ ᠨᠡᠶᠢᠲᠡ 7136.53 ᠲᠦᠮᠡᠨ ᠲᠥᠭᠦᠷᠢᠭ ᠤᠨ | ᠪᠡᠯᠡ ᠮᠥᠩᠭᠦ ᠲᠠᠷᠬᠠᠭᠠᠵᠤ᠂ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 5088.23 | ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠠᠢ᠃ |