| ᠬᠤᠸᠠᠳᠧ ᠰᠢᠶᠠᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠢᠳᠡᠭᠡᠨ ᠤ ᠠᠮᠤᠷ | ᠲᠦᠪᠰᠢᠨ ᠤ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ᠂ ᠢᠳᠡᠭᠡᠨ ᠤ ᠠᠮᠤᠷ ᠲᠦᠪᠰᠢᠨ ᠤ | ᠪᠠᠲᠤᠯᠠᠪᠤᠷᠢ ᠶᠢᠨ ᠬᠠᠷᠢᠭᠤᠴᠠᠯᠭ᠎ᠠ ᠶᠢᠨ ᠳᠦᠷᠢᠮ ᠢ ︽ᠨᠢᠭᠡᠳᠦᠭᠡᠷ ᠬᠠᠷᠢᠭᠤᠴᠠᠯᠭᠠᠲᠠᠨ︾ ᠤ ᠠᠵᠢᠯ ᠪᠣᠯᠭᠠᠨ | ᠠᠬᠢᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ | ᠪᠠᠲᠤᠯᠠᠪᠠ᠃ | ᠨᠢᠭᠡ ᠳᠤ ᠳᠠᠭᠠᠭᠠᠴᠢᠯᠠᠨ ᠪᠠᠳᠤᠯᠠᠬᠤ ᠺᠠᠳ᠋ᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠨᠠ᠃ ᠪᠥᠬᠦ | ᠰᠢᠶᠠᠨ ᠳᠤ ᠰᠢᠶᠠᠨ᠂ ᠰᠢᠶᠠᠩ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠳᠠᠭᠠᠭᠠᠴᠢᠯᠠᠨ | ᠪᠠᠳᠤᠯᠠᠬᠤ ᠺᠠᠳ᠋ᠷ ᠢ ᠨᠡᠶᠢᠲᠡ 191 ᠲᠣᠬᠢᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠪᠣᠶ ᠪᠦᠬᠦᠢ | ᠭᠤᠣᠯ ᠴᠣᠭᠴᠠ ᠳᠤ ᠭᠤᠷᠪᠠᠨ ᠱᠠᠲᠤᠨ ᠤ ᠳᠠᠭᠠᠭᠠᠴᠢᠯᠠᠨ ᠪᠠᠳᠤᠯᠠᠬᠤ ᠺᠠᠳ᠋ᠷ ᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠳᠠᠭᠠᠭᠠᠴᠢᠯᠠᠨ ᠪᠠᠳᠤᠯᠠᠬᠤ ᠬᠠᠷᠢᠴᠠᠯ ᠨᠢ 1᠄ 7.6 ᠪᠠᠶᠢᠵᠤ᠂ ᠲᠣᠭᠲᠠᠭᠠᠭᠰᠠᠨ 1᠄ 10 ᠠᠴᠠ | ᠬᠡᠲᠦᠷᠡᠬᠦ ᠦᠭᠡᠢ ᠪᠠᠶᠢᠵᠤ᠂ ᠡᠯ᠎ᠡ ᠱᠠᠲᠤᠨ ᠤ ᠳᠠᠭᠠᠭᠠᠴᠢᠯᠠᠨ ᠪᠠᠳᠤᠯᠠᠬᠤ ᠺᠠᠳ᠋ᠷ ᠤᠨ ᠲᠤᠭ᠎ᠠ ᠶᠢ ᠡᠯ᠎ᠡ ᠱᠠᠲᠤᠨ ᠤ | ᠳᠠᠭᠠᠭᠠᠴᠢᠯᠠᠨ ᠪᠠᠳᠤᠯᠠᠬᠤ ᠭᠤᠣᠯ ᠴᠣᠭᠴᠠ ᠶᠢᠨ ᠲᠤᠭ᠎ᠠ ᠲᠠᠢ ᠦᠨᠳᠦᠰᠦᠨ ᠳᠡᠭᠡᠨ ᠲᠣᠬᠢᠷᠠᠭᠤᠯᠵᠤ᠂ | ᠳᠠᠭᠠᠭᠠᠴᠢᠯᠠᠵᠤ ᠳᠡᠶᠢᠯᠬᠦ᠂ ᠱᠠᠯᠠᠪᠳᠠᠭᠤᠯᠵᠤ ᠳᠡᠶᠢᠯᠬᠦ᠂ ᠪᠡᠶᠡᠯᠡᠭᠦᠯᠵᠦ ᠳᠡᠶᠢᠯᠬᠦ ᠶᠢ ᠦᠨᠡᠨᠬᠦ ᠪᠠᠲᠤᠯᠠᠨ᠎ᠠ᠃ | ᠬᠤᠶᠠᠷ ᠲᠤ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠥᠷᠨᠢᠭᠦᠯᠦᠨ᠎ᠡ᠃ 5 ᠰᠠᠷ᠎ᠠ ᠶᠢᠨ 17 ᠤ ᠡᠳᠦᠷ᠂ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠵᠥᠪᠯᠡᠯ ᠪᠥᠬᠦ ᠰᠢᠶᠠᠨ ᠤ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠬᠤᠶᠠᠳᠤᠭᠠᠷ ᠡᠭᠡᠯᠵᠢ ᠶᠢᠨ | ᠲᠤᠬᠠᠶᠢᠯᠠᠭᠰᠠᠨ ᠠᠵᠢᠯ ᠤᠨ ᠲᠥᠪᠯᠡᠷᠡᠩᠭᠦᠢ ᠪᠣᠯᠪᠠᠰᠤᠷᠠᠭᠤᠯᠤᠯ ᠢ ᠡᠷᠭᠢᠯᠡᠵᠦ᠂ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ | ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠪᠥᠬᠦ ᠰᠢᠶᠠᠨ ᠤ ᠳᠠᠭᠠᠭᠠᠴᠢᠯᠠᠨ ᠪᠠᠳᠤᠯᠠᠬᠤ 191 | ᠺᠠᠳ᠋ᠷ ᠢ ᠬᠠᠮᠤᠷᠴᠤ᠂ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ | ᠢᠯᠡᠳᠲᠡ ᠳᠡᠭᠡᠭᠰᠢᠯᠡᠪᠡ᠃ | ᠭᠤᠷᠪᠠ ᠳᠤ ᠵᠥᠭᠡᠯᠡᠨ ᠬᠡᠷᠡᠭᠰᠡᠯ ᠤᠨ ᠲᠠᠪᠴᠠᠩ ᠤᠨ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ | 10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠢᠶᠠᠷ ᠢᠶᠠᠨ ︽ᠢᠳᠡᠭᠡᠨ ᠤ ᠠᠮᠤᠷ ᠲᠦᠪᠰᠢᠨ ᠤ ᠬᠠᠷᠢᠶᠠᠲᠤ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠠᠪᠴᠠᠩ ᠢ ᠨᠠᠶᠢᠳᠠᠪᠤᠷᠢᠵᠢᠭᠤᠯᠬᠤ︾ ᠳᠠᠭᠠᠭᠠᠴᠢᠯᠠᠨ | ᠪᠠᠳᠤᠯᠠᠬᠤ ᠭᠤᠣᠯ ᠴᠣᠭᠴᠠ ᠶᠢ 1706 ︵ᠡᠭᠦᠨ ᠳᠤ᠂ ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠨᠢ 1476᠂ | ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠪᠢᠰᠢ ᠨᠢ 230︶ ᠣᠷᠣᠭᠤᠯᠵᠤ᠂ 143 ᠡᠷᠦᠬᠡ ᠶᠢ ᠳᠠᠪᠠᠭᠤᠯᠤᠨ | ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 109.15% ᠳᠤ ᠬᠥᠷᠪᠡ᠃ | ᠳᠥᠷᠪᠡ ᠳᠤ᠂ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ 2023 | ᠣᠨ ᠤ ᠬᠤᠶᠠᠳᠤᠭᠠᠷ᠂ ᠭᠤᠷᠪᠠᠳᠤᠭᠠᠷ ᠤᠯᠠᠷᠢᠯ ᠳᠤ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ | ᠬᠢᠨᠠᠨ ᠵᠢᠯᠣᠭᠤᠳᠤᠯᠭ᠎ᠠ ᠶᠢ ᠪᠡᠶᠡᠯᠡᠭᠦᠯᠦᠭᠰᠡᠨ ᠨᠣᠷᠮ᠎ᠠ ᠨᠢ ᠴᠥᠮ 100% ᠳᠤ ᠬᠦᠷᠴᠦ᠂ ᠳᠥᠷᠪᠡᠳᠦᠭᠡᠷ | ᠤᠯᠠᠷᠢᠯ ᠳᠤ 1349 ᠤᠳᠠᠭ᠎ᠠ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 97.7% ᠳᠤ ᠬᠦᠷᠴᠤ᠂ ᠡᠨᠡ ᠬᠦ | ᠠᠵᠢᠯ ᠢ ᠶᠠᠭ ᠲᠦᠯᠬᠢᠨ ᠠᠬᠢᠭᠤᠯᠵᠤ ᠪᠠᠶᠢᠨ᠎ᠠ᠃ ᠬᠢᠨᠠᠨ ᠵᠢᠯᠤᠭᠤᠳᠬᠤ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠭᠡᠵᠦ᠂ ︽ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠬᠢᠭᠡᠳ ᠡᠭᠦᠷᠭᠡ ᠶᠢᠨ ᠠᠮᠠᠯᠠᠯᠲᠠ ᠶᠢᠨ ᠪᠢᠴᠢᠭ︾ ︽ᠬᠠᠷᠢᠭᠤᠴᠠᠯᠭ᠎ᠠ ᠶᠢᠨ ᠨᠠᠷᠢᠨ ᠳᠠᠩᠰᠠ︾ ︽ | ᠡᠭᠦᠷᠭᠡ ᠶᠢᠨ ᠨᠠᠷᠢᠨ ᠳᠠᠩᠰᠠ︾ ᠶᠢ ᠳᠡᠭᠡᠭᠰᠢ ᠳᠠᠮᠵᠢᠭᠤᠯᠤᠭᠰᠠᠨ ᠨᠣᠷᠮ᠎ᠠ ᠶᠢ 100% ᠳᠤ ᠬᠦᠷᠭᠡᠨ᠎ᠡ᠃ | | | | |