ᠵᠢᠨᠢᠩ ᠲᠣᠭᠤᠷᠢᠭ ᠤᠨ 1—10 ᠰᠠᠷ᠎ᠠ ᠳᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ ᠴᠢᠳᠠᠮᠵᠢᠳᠦ ᠺᠠᠷᠲ︾ ᠢ ᠲᠠᠷᠬᠠᠭᠠᠪᠠ
ᠨᠡᠶᠢᠲᠡᠯᠡᠭᠰᠡᠨ ᠴᠠᠭ᠄
2023/11/20
    ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠥᠯᠴᠢ᠂ ᠵᠢᠷᠤᠮᠵᠢᠯ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ 2023 ᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠪᠡ᠃ ᠵᠢᠨᠢᠩ ᠲᠣᠭᠤᠷᠢᠭ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠭᠤᠬᠤ ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ︽ᠪᠦᠷᠢᠨ ᠴᠢᠳᠠᠮᠵᠢᠳᠦ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠪᠣᠳᠠᠲᠠᠶᠢᠵᠢᠭᠤᠯᠤᠨ᠎ᠠ᠃ 10 ᠰᠠᠷ᠎ᠠ ᠶᠢᠨ ᠡᠴᠦᠰ ᠪᠣᠯᠲᠠᠯ᠎ᠠ᠂ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 12224.76 ᠲᠦᠮᠡᠨ ᠲᠥᠭᠦᠷᠢᠭ ᠲᠠᠷᠬᠠᠭᠠᠵᠤ᠂ ᠨᠡᠶᠢᠲᠡ 485748 ᠬᠥᠮᠥᠨ ᠤᠳᠠᠭ᠎ᠠ ᠨᠥᠬᠦᠪᠦᠷᠢᠯᠡᠵᠦ᠂ ᠲᠠᠷᠢᠶᠠᠯᠠᠩ ᠤᠨ ᠲᠥᠷᠥᠯ ᠤᠨ ᠨᠥᠬᠦᠪᠦᠷᠢ᠂ ᠣᠶ ᠰᠢᠭᠤᠢ ᠶᠢᠨ ᠲᠥᠷᠥᠯ ᠤᠨ ᠨᠥᠬᠦᠪᠦᠷᠢ᠂ ᠲᠥᠯᠥᠪᠯᠡᠭᠡᠲᠦ ᠦᠷᠡᠵᠢᠯ ᠤᠨ ᠨᠥᠬᠦᠪᠦᠷᠢ ᠵᠡᠷᠭᠡ ᠬᠦᠷᠢᠶᠡᠨ ᠳᠤ ᠬᠤᠯᠪᠣᠭᠳᠠᠵᠠᠢ᠃ ᠡᠭᠦᠨ ᠳᠤ᠂ ᠨᠢᠭᠡ ᠰᠢᠶᠠᠩ ᠨᠢᠭᠡ ᠪᠠᠯᠭᠠᠰᠤ ᠨᠡᠶᠢᠲᠡ 7136.53 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 5088.23 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠠᠢ᠃                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2