ᠬᠤᠸᠠᠳᠧ ᠰᠢᠶᠠᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ ᠳᠠᠭᠠᠭᠠᠴᠢᠯᠠᠨ ᠪᠠᠳᠤᠯᠠᠬᠤ ᠺᠠᠳ᠋ᠷᠴᠤᠳ ᠢ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2023/11/20
    ᠬᠤᠸᠠᠳᠧ ᠰᠢᠶᠠᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠢᠳᠡᠭᠡᠨ ᠤ ᠠᠮᠤᠷ ᠲᠦᠪᠰᠢᠨ ᠤ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ᠂ ᠢᠳᠡᠭᠡᠨ ᠤ ᠠᠮᠤᠷ ᠲᠦᠪᠰᠢᠨ ᠤ ᠪᠠᠲᠤᠯᠠᠪᠤᠷᠢ ᠶᠢᠨ ᠬᠠᠷᠢᠭᠤᠴᠠᠯᠭ᠎ᠠ ᠶᠢᠨ ᠳᠦᠷᠢᠮ ᠢ ︽ᠨᠢᠭᠡᠳᠦᠭᠡᠷ ᠬᠠᠷᠢᠭᠤᠴᠠᠯᠭᠠᠲᠠᠨ︾ ᠤ ᠠᠵᠢᠯ ᠪᠣᠯᠭᠠᠨ ᠠᠬᠢᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ ᠪᠠᠲᠤᠯᠠᠪᠠ᠃     ᠨᠢᠭᠡ ᠳᠤ ᠳᠠᠭᠠᠭᠠᠴᠢᠯᠠᠨ ᠪᠠᠳᠤᠯᠠᠬᠤ ᠺᠠᠳ᠋ᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠨ᠎ᠠ᠃ ᠪᠥᠬᠦ ᠰᠢᠶᠠᠨ ᠳᠤ ᠰᠢᠶᠠᠨ᠂ ᠰᠢᠶᠠᠩ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠳᠠᠭᠠᠭᠠᠴᠢᠯᠠᠨ ᠪᠠᠳᠤᠯᠠᠬᠤ ᠺᠠᠳ᠋ᠷ ᠢ ᠨᠡᠶᠢᠲᠡ 191 ᠲᠣᠬᠢᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠪᠣᠶ ᠪᠦᠬᠦᠢ ᠭᠤᠣᠯ ᠴᠣᠭᠴᠠ ᠳᠤ ᠭᠤᠷᠪᠠᠨ ᠱᠠᠲᠤᠨ ᠤ ᠳᠠᠭᠠᠭᠠᠴᠢᠯᠠᠨ ᠪᠠᠳᠤᠯᠠᠬᠤ ᠺᠠᠳ᠋ᠷ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠳᠠᠭᠠᠭᠠᠴᠢᠯᠠᠨ ᠪᠠᠳᠤᠯᠠᠬᠤ ᠬᠠᠷᠢᠴᠠᠯ ᠨᠢ 1᠄ 7.6 ᠪᠠᠶᠢᠵᠤ᠂ ᠲᠣᠭᠲᠠᠭᠠᠭᠰᠠᠨ 1᠄ 10 ᠠᠴᠠ ᠬᠡᠲᠦᠷᠡᠬᠦ ᠦᠭᠡᠢ ᠪᠠᠶᠢᠵᠤ᠂ ᠡᠯ᠎ᠡ ᠱᠠᠲᠤᠨ ᠤ ᠳᠠᠭᠠᠭᠠᠴᠢᠯᠠᠨ ᠪᠠᠳᠤᠯᠠᠬᠤ ᠺᠠᠳ᠋ᠷ ᠤᠨ ᠲᠤᠭ᠎ᠠ ᠶᠢ ᠡᠯ᠎ᠡ ᠱᠠᠲᠤᠨ ᠤ ᠳᠠᠭᠠᠭᠠᠴᠢᠯᠠᠨ ᠪᠠᠳᠤᠯᠠᠬᠤ ᠭᠤᠣᠯ ᠴᠣᠭᠴᠠ ᠶᠢᠨ ᠲᠤᠭ᠎ᠠ ᠲᠠᠢ ᠦᠨᠳᠦᠰᠦᠨ ᠳᠡᠭᠡᠨ ᠲᠣᠬᠢᠷᠠᠭᠤᠯᠵᠤ᠂ ᠳᠠᠭᠠᠭᠠᠴᠢᠯᠠᠵᠤ ᠳᠡᠶᠢᠯᠬᠦ᠂  ᠱᠠᠯᠠᠪᠳᠠᠭᠤᠯᠵᠤ ᠳᠡᠶᠢᠯᠬᠦ᠂ ᠪᠡᠶᠡᠯᠡᠭᠦᠯᠵᠦ ᠳᠡᠶᠢᠯᠬᠦ ᠶᠢ ᠦᠨᠡᠨᠬᠦ ᠪᠠᠲᠤᠯᠠᠨ᠎ᠠ᠃     ᠬᠤᠶᠠᠷ ᠲᠤ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ 5 ᠰᠠᠷ᠎ᠠ ᠶᠢᠨ 17 ᠤ ᠡᠳᠦᠷ᠂ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠪᠥᠬᠦ ᠰᠢᠶᠠᠨ ᠤ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠬᠤᠶᠠᠳᠤᠭᠠᠷ ᠡᠭᠡᠯᠵᠢ ᠶᠢᠨ ᠲᠤᠬᠠᠶᠢᠯᠠᠭᠰᠠᠨ ᠠᠵᠢᠯ ᠤᠨ ᠲᠥᠪᠯᠡᠷᠡᠩᠭᠦᠢ ᠪᠣᠯᠪᠠᠰᠤᠷᠠᠭᠤᠯᠤᠯ ᠢ ᠡᠷᠭᠢᠯᠡᠵᠦ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠪᠥᠬᠦ ᠰᠢᠶᠠᠨ ᠤ ᠳᠠᠭᠠᠭᠠᠴᠢᠯᠠᠨ ᠪᠠᠳᠤᠯᠠᠬᠤ 191 ᠺᠠᠳ᠋ᠷ ᠢ ᠬᠠᠮᠤᠷᠴᠤ᠂ ᠳᠠᠭᠠᠭᠠᠴᠢᠯᠠᠨ ᠪᠠᠳᠤᠯᠠᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃     ᠭᠤᠷᠪᠠ ᠳᠤ ᠵᠥᠭᠡᠯᠡᠨ ᠬᠡᠷᠡᠭᠰᠡᠯ ᠤᠨ ᠲᠠᠪᠴᠠᠩ ᠤᠨ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠢᠶᠠᠷ ᠢᠶᠠᠨ ︽ᠢᠳᠡᠭᠡᠨ ᠤ ᠠᠮᠤᠷ ᠲᠦᠪᠰᠢᠨ ᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠠᠪᠴᠠᠩ ᠢ ᠨᠠᠶᠢᠳᠠᠪᠤᠷᠢᠵᠢᠭᠤᠯᠬᠤ︾ ᠳᠠᠭᠠᠭᠠᠴᠢᠯᠠᠨ ᠪᠠᠳᠤᠯᠠᠬᠤ ᠭᠤᠣᠯ ᠴᠣᠭᠴᠠ ᠶᠢ 1706 ︵ᠡᠭᠦᠨ ᠳᠤ᠂ ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠨᠢ 1476᠂ ᠦᠢᠯᠡᠳᠪᠦᠷᠢᠯᠡᠯ ᠡᠵᠡᠩᠨᠡᠯᠲᠡ ᠳᠤ ᠪᠠᠶᠢᠭ᠎ᠠ ᠪᠢᠰᠢ ᠨᠢ 230︶ ᠣᠷᠣᠭᠤᠯᠵᠤ᠂ 143 ᠡᠷᠦᠬᠡ ᠶᠢ ᠳᠠᠪᠠᠭᠤᠯᠤᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 109.15% ᠳᠤ ᠬᠥᠷᠪᠡ᠃     ᠳᠥᠷᠪᠡ ᠳᠤ᠂ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ 2023 ᠣᠨ ᠤ ᠬᠤᠶᠠᠳᠤᠭᠠᠷ᠂ ᠭᠤᠷᠪᠠᠳᠤᠭᠠᠷ ᠤᠯᠠᠷᠢᠯ ᠳᠤ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠢᠨᠠᠨ ᠵᠢᠯᠣᠭᠤᠳᠤᠯᠭ᠎ᠠ ᠶᠢ ᠪᠡᠶᠡᠯᠡᠭᠦᠯᠦᠭᠰᠡᠨ ᠨᠣᠷᠮ᠎ᠠ ᠨᠢ ᠴᠥᠮ 100% ᠳᠤ ᠬᠦᠷᠴᠦ᠂ ᠳᠥᠷᠪᠡᠳᠦᠭᠡᠷ ᠤᠯᠠᠷᠢᠯ ᠳᠤ 1349 ᠤᠳᠠᠭ᠎ᠠ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 97.7% ᠳᠤ ᠬᠦᠷᠴᠤ᠂ ᠡᠨᠡ ᠬᠦ ᠠᠵᠢᠯ ᠢ ᠶᠠᠭ ᠲᠦᠯᠬᠢᠨ ᠠᠬᠢᠭᠤᠯᠵᠤ ᠪᠠᠶᠢᠨ᠎ᠠ᠃ ᠬᠢᠨᠠᠨ ᠵᠢᠯᠤᠭᠤᠳᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠭᠡᠵᠦ᠂ ︽ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠬᠢᠭᠡᠳ ᠡᠭᠦᠷᠭᠡ ᠶᠢᠨ ᠠᠮᠠᠯᠠᠯᠲᠠ ᠶᠢᠨ ᠪᠢᠴᠢᠭ︾ ︽ᠬᠠᠷᠢᠭᠤᠴᠠᠯᠭ᠎ᠠ ᠶᠢᠨ ᠨᠠᠷᠢᠨ ᠳᠠᠩᠰᠠ︾ ︽ᠡᠭᠦᠷᠭᠡ ᠶᠢᠨ ᠨᠠᠷᠢᠨ ᠳᠠᠩᠰᠠ︾ ᠶᠢ ᠳᠡᠭᠡᠭᠰᠢ ᠳᠠᠮᠵᠢᠭᠤᠯᠤᠭᠰᠠᠨ ᠨᠣᠷᠮ᠎ᠠ ᠶᠢ 100% ᠳᠤ ᠬᠦᠷᠭᠡᠨ᠎ᠡ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2