2023 ᠣᠨ ᠤ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠵᠢᠴᠢ ᠪᠥᠬᠦ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/11/21
    12 ᠰᠠᠷ᠎ᠠ ᠶᠢᠨ 8 ᠤ ᠡᠳᠦᠷ᠂ 2023 ᠣᠨ ᠤ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠵᠢᠴᠢ ᠪᠥᠬᠦ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠵᠢᠨᠢᠩ ᠲᠣᠭᠤᠷᠢᠭ ᠤᠨ ᠳ᠋ᠠ ᠾᠧ ᠸᠠᠨ ᠤ ᠴᠠᠰᠤᠨ ᠳᠤ ᠭᠤᠯᠭᠤᠬᠤ ᠲᠠᠯᠠᠪᠠᠶ ᠳᠤ ᠶᠠᠪᠤᠭᠳᠠᠪᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠰᠣᠶᠣᠯ ᠵᠤᠭᠠᠴᠠᠯ ᠤᠨ ᠲᠤᠰᠬᠠᠢ ᠮᠡᠷᠭᠡᠵᠢᠯᠲᠡᠨ᠂ ᠠᠵᠢᠯ ᠲᠦᠷᠦᠯ ᠤᠨ ᠨᠡᠶᠢᠭᠡᠮᠯᠢᠭ ᠤᠨ ᠲᠥᠯᠥᠭᠡᠯᠡᠭᠴᠢ᠂ ᠴᠠᠰᠤᠨ ᠳᠤ ᠭᠤᠯᠭᠤᠬᠤ ᠪᠠᠭ᠋ᠠᠲᠠᠨ᠂ ᠮᠠᠷᠠᠽᠤᠨ ᠤ ᠪᠠᠭ᠋ᠠᠳᠠᠨ᠂ ᠵᠤᠭᠠᠴᠠᠭᠰᠠᠳ ᠤᠯᠠᠭᠠᠨᠴᠠᠪ ᠲᠤ ᠴᠤᠭᠯᠠᠷᠠᠵᠤ᠂ ᠷᠣᠮᠠᠨᠲ᠋ᠢᠭ ᠮᠥᠰᠥ ᠴᠠᠰᠤᠨ ᠤ ᠪᠣᠯᠵᠤᠭ᠎ᠠ ᠳᠤ ᠣᠷᠣᠯᠴᠠᠵᠠᠢ᠃
ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠡᠷᠭᠡ ᠤᠳᠤᠷᠢᠳᠤᠯᠭ᠎ᠠ ᠬᠠᠮᠲᠤ ᠪᠠᠷ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠢ ᠡᠬᠢᠯᠡᠭᠦᠯᠪᠡ᠃     ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠪᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠴᠠᠰᠤᠨ ᠳᠡᠭᠡᠷᠡᠬᠢ ᠤᠷᠤᠯᠳᠤᠭᠠᠨ ᠤ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠠᠴᠠ ᠳ᠋ᠡ ᠾᠧ ᠸᠠᠨ ᠤ ᠴᠠᠰᠤᠨ ᠳᠤ ᠭᠤᠯᠭᠤᠬᠤ ᠲᠠᠯᠠᠪᠠᠢ᠂ ᠴᠠ ᠬᠠᠨ ᠶᠢᠩ ᠤᠨ ᠴᠠᠰᠤᠨ ᠳᠤ ᠭᠤᠯᠭᠤᠬᠤ ᠲᠠᠯᠠᠪᠠᠢ᠂ ᠯᠢᠶᠡᠩᠴᠧᠩ ᠤᠨ ᠴᠠᠰᠤᠨ ᠳᠤ ᠭᠤᠯᠭᠤᠬᠤ ᠲᠠᠯᠠᠪᠠᠢ ᠳᠤ ᠫᠠᠶᠢᠰᠠ ᠢᠯᠡᠷᠭᠡᠶᠢᠯᠡᠯ ᠣᠯᠭᠤᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠨᠦᠭᠦᠳ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ᠂ ᠤᠯᠠᠭᠠᠨᠴᠠᠪ ᠬᠤᠲᠠ ᠶᠢᠨ ᠰᠣᠶᠣᠯ ᠤᠨ ᠡᠭᠦᠳᠦᠯᠲᠡ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠪᠣᠯᠣᠨ ᠮᠥᠰᠥ ᠴᠠᠰᠤᠨ ᠤ ᠥᠪᠡᠷ ᠢᠶᠠᠨ ᠲᠡᠷᠭᠡ ᠵᠢᠯᠤᠭᠤᠳᠬᠤ ᠰᠣᠳᠣᠨ ᠵᠠᠮ ᠱᠤᠭᠤᠮ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠷᠭᠦᠯᠵᠢᠯᠡᠬᠦᠶᠢᠴᠡ ᠬᠥᠭᠵᠢᠯᠳᠡ ᠳᠤ ᠬᠦᠴᠦᠨ ᠨᠡᠮᠡᠷᠢᠯᠡᠪᠡ᠃
               ᠭᠠᠷ ᠤᠨ ᠦᠰᠦᠭ ᠵᠢᠷᠤᠬᠤ ᠶᠣᠰᠣᠯᠠᠯ     ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ ᠬᠠᠮᠲᠤ ᠶᠢᠨ ᠬᠤᠷᠢᠮ ᠤᠨ ᠶᠣᠰᠣᠯᠠᠯ᠂ ᠮᠥᠰᠥ ᠴᠠᠰᠤᠨ ᠤ ᠮᠠᠷᠠᠽᠤᠨ᠂ ᠠᠵᠢᠯᠲᠠᠨ ᠠᠵᠢᠯᠴᠢᠨ ᠤ ᠮᠥᠰᠥ ᠴᠠᠰᠤᠨ ᠤ ᠰᠣᠨᠢᠷᠬᠠᠯ ᠤᠨ ᠲᠠᠮᠢᠷ ᠤᠨ ᠴᠤᠭᠯᠠᠭᠠᠨ ᠵᠢᠴᠢ ᠤᠯᠠᠭᠠᠨᠴᠠᠪ ᠤᠨ ᠳᠡᠯᠭᠡᠨ ᠪᠣᠷᠣᠯᠠᠭᠤᠯᠤᠯᠲᠠ ᠵᠡᠷᠭᠡ ᠶᠢ ᠶᠠᠪᠤᠭᠳᠠᠭᠤᠯᠵᠠᠢ᠃ ᠬᠥᠮᠥᠰ ᠠᠳᠡ ᠮᠥᠰᠥ ᠴᠠᠰᠤᠨ ᠤ ᠵᠤᠭᠠᠴᠠᠯ ᠢ ᠰᠤᠨᠢᠷᠬᠠᠵᠤ᠂ ᠣᠷᠣᠨ ᠨᠤᠲᠤᠭ ᠤᠨ ᠠᠮᠲᠠᠲᠤ ᠢᠳᠡᠭᠡᠨ ᠢ ᠠᠮᠲᠠᠯᠠᠵᠤ᠂ ᠷᠣᠮᠠᠨᠲ᠋ᠢᠭ ᠴᠠᠭ ᠮᠥᠴᠡ ᠶᠢ ᠦᠩᠭᠡᠷᠡᠭᠡᠵᠦ᠂ ᠤᠯᠠᠭᠠᠨᠴᠠᠪ ᠤᠨ ᠡᠪᠦᠯ ᠤᠨ ᠡᠳᠦᠷ ᠤᠨ ᠷᠢᠳᠢ ᠰᠢᠳᠢ ᠶᠢ ᠠᠭᠤᠵᠢᠷᠠᠲᠠᠯ᠎ᠠ ᠡᠳ᠋ᠯᠡᠵᠦ ᠪᠠᠶᠢᠯ᠎ᠠ᠃ ᠲᠤᠰ ᠤᠳᠠᠭ᠎ᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠯᠠᠷᠢᠯ ᠨᠢ 3 ᠰᠠᠷ᠎ᠠ ᠰᠢᠬᠠᠮ ᠶᠠᠪᠤᠭᠳᠠᠵᠤ᠂ ᠮᠥᠰᠥᠨ ᠱᠤᠭᠤᠮᠠᠯ ᠤᠨ ᠴᠡᠩᠭᠡᠯ ᠤᠨ ᠬᠦᠷᠢᠶᠡᠯᠡᠩ᠂ ᠰᠢᠨ᠎ᠡ ᠵᠢᠯ ᠤᠨ ᠰᠢᠨ᠎ᠡ ᠶᠢᠨ ᠨᠢᠭᠡᠨ ᠳᠤ ᠴᠠᠰᠤ ᠲᠣᠭᠯᠠᠬᠤ᠂ ᠮᠥᠰᠥ ᠴᠠᠰᠤᠨ ᠤ ᠨᠠᠶᠢᠷ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠲᠤ︽ᠮᠥᠰᠥ ᠴᠠᠰᠤᠨ ᠤ ᠲᠠᠩᠰᠤᠭ ᠬᠤᠭᠤᠯᠠ︾ᠬᠦᠷᠭᠡᠵᠡᠢ᠃
                   ᠮᠥᠰᠥ ᠴᠠᠰᠤᠨ ᠤ ᠮᠠᠷᠠᠽᠤᠨ       ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠥᠪᠡᠷᠮᠢᠴᠡ ᠭᠠᠵᠠᠷ ᠵᠦᠢ ᠶᠢᠨ ᠪᠠᠶᠢᠷᠢᠰᠢᠯ ᠤᠨ ᠳᠠᠪᠠᠭᠤᠯᠢᠭ ᠪᠠ ᠡᠯᠪᠡᠭ ᠪᠠᠶᠠᠯᠢᠭ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠵᠢᠭᠤᠯᠴᠢᠯᠠᠯ ᠢᠶᠠᠷ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠮᠥᠰᠥ ᠲᠡᠰᠢᠯᠲᠡ ᠶᠢᠨ ᠣᠷᠳᠣᠨ ᠪᠠ ᠴᠠᠰᠤᠨ ᠳᠤ ᠭᠤᠯᠭᠤᠬᠤ ᠲᠠᠯᠠᠪᠠᠶ ᠵᠡᠷᠭᠡ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠮᠠᠨ ᠤ ᠬᠤᠲᠠ ᠶᠢᠨ ᠮᠥᠰᠥ ᠴᠠᠰᠤᠨ ᠤ ᠠᠵᠤ ᠦᠢᠯᠡᠰ᠂ ᠮᠥᠰᠥ ᠴᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2