ᠴᠢ ᠹᠧᠢ ᠶᠦᠨ ᠪᠦᠯᠬᠦᠮ ᠳᠠᠭᠠᠭᠤᠯᠤᠨ ᠱᠠᠩᠬᠠᠢ᠂ ᠵᠢᠶᠠᠩᠰᠤ᠂ ᠵᠧᠵᠢᠶᠠᠩ᠂ ᠹᠦᠵᠢᠶᠠᠨ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2023/11/21
   11 ᠰᠠᠷ᠎ᠠ ᠶᠢᠨ 8 ᠤ ᠡᠳᠦᠷ ᠠᠴᠠ 15 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠪᠦᠯᠬᠦᠮ ᠳᠠᠭᠠᠭᠤᠯᠤᠨ ᠱᠠᠩᠬᠠᠢ᠂ ᠵᠢᠶᠠᠩᠰᠤ᠂ ᠵᠧᠵᠢᠶᠠᠩ᠂ ᠹᠦᠵᠢᠶᠠᠨ ᠵᠡᠷᠭᠡ ᠭᠠᠵᠠᠷ ᠤᠨ ᠬᠤᠯᠪᠣᠭᠳᠠᠯ ᠪᠦᠬᠦᠢ ᠠᠵᠤ ᠠᠬᠤᠶᠢᠯᠠᠯ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠪᠠ᠃    ᠴᠢ ᠹᠧᠢ ᠶᠦᠨ ᠨᠠᠷ ᠤᠷᠢᠳ ᠬᠤᠵᠢᠳ ᠱᠠᠩᠬᠠᠢ ᠶᠢᠨ ᠬᠤᠸᠠ ᠢ ᠪᠦᠯᠦᠭᠯᠡᠯ ᠂ ᠮᠠᠢ ᠺᠧ ᠵᠢᠶᠠᠩ ᠬᠤᠶᠠᠷ ᠬᠥᠪᠡᠭᠡᠨ ᠤ ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ᠂ ᠵᠢᠶᠠᠩᠰᠤ ᠶᠢᠨ ᠵᠦᠩ ᠶᠢᠨ ᠳ᠋ᠠᠶᠢᠲ᠋ᠠ ᠶᠢᠨ ᠺᠦᠨᠱᠠᠨ ᠳ᠋ᠠᠶᠢᠲ᠋ᠠ ᠶᠢᠨ ᠲᠥᠪ᠂ ᠵᠧᠵᠢᠶᠠᠩ ᠤᠨ ᠶᠢᠨ ᠬᠤᠸᠠ ᠢ ᠦ᠋ ᠲᠠᠸᠠᠷ ᠤᠨ ᠬᠤᠳᠠ᠂ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠨᠡᠬᠡᠮᠡᠯ ᠤᠨ ᠬᠤᠳᠠ᠂ ᠰᠢᠶᠠᠮᠧᠨ ᠤ ᠤᠯᠠᠨ ᠤᠯᠤᠰ ᠤᠨ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠭᠤᠸᠠᠩ ᠫᠦ᠋ ᠡᠯᠧᠺᠲᠷᠣᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠠᠢ ᠴᠧᠨ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠪᠠᠶᠢᠳᠠᠯ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠠᠵᠤ ᠠᠬᠤᠶᠢᠯᠠᠯ ᠯᠤᠭ᠎ᠠ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠹᠯᠣᠷ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠨᠡᠭᠡᠭᠡᠯᠲᠡᠲᠤ ᠬᠡᠯᠪᠡᠷᠢ ᠶᠢᠨ ᠠᠵᠤ ᠠᠬᠤᠢ᠂ ᠰᠣᠶᠣᠯ ᠵᠤᠭᠠᠴᠠᠯ ᠤᠨ ᠠᠵᠤ ᠦᠢᠯᠡᠰ᠂ ᠪᠣᠳᠣᠬᠤ ᠬᠦᠴᠦᠨ ᠤ  ᠬᠦᠢᠰᠦ ᠴᠡᠭ ᠵᠡᠷᠭᠡ ᠶᠢᠨ ᠲᠣᠭᠤᠷᠢᠨ ᠳᠤ ᠭᠦᠨᠵᠡᠭᠡᠢ ᠰᠣᠯᠢᠯᠴᠠᠪᠠ᠃    ᠴᠢ ᠹᠧᠢ ᠶᠦᠨ ᠬᠡᠯᠡᠬᠦ ᠳᠡᠭᠡᠨ᠂ ᠣᠳᠣᠬᠠᠨ ᠳᠤ ᠤᠯᠠᠭᠠᠨᠴᠠᠪ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠂ ᠠᠵᠤ ᠠᠬᠤᠶᠢᠯᠠᠯᠲᠠᠳ ᠤᠯᠠᠭᠠᠨᠴᠠᠪ ᠲᠤ ᠢᠷᠡᠵᠦ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭ᠎ᠠ ᠶᠢ ᠬᠠᠮᠲᠤᠪᠠᠷ ᠵᠥᠪᠳᠡᠯᠴᠡᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠡᠢ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠯᠠᠭᠠᠨᠴᠠᠪ ᠤᠨ ᠡᠬᠢ ᠪᠠᠶᠠᠯᠢᠭ ᠡᠯᠪᠡᠭ ᠳᠡᠯᠪᠡᠭ᠂ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠣᠨᠴᠠᠯᠢᠭ ᠲᠣᠪᠣᠶᠢᠮ᠎ᠠ ᠪᠠᠶᠢᠳᠠᠭ ᠪᠣᠯᠬᠤᠷ ᠵᠣᠯᠭᠠᠭᠤᠯᠤᠨ ᠰᠣᠯᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠠᠮᠲᠤᠷᠠᠯᠴᠠᠭᠠᠨ ᠤ ᠳᠤᠮᠳᠠ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2