︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/21
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                             2023 ᠣᠨ ᠤ 8 ᠰᠠᠷ᠎ᠠ ᠶᠢᠨ 22 ᠤ ᠡᠳᠦᠷ                                              ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶       ᠨᠢᠭᠡᠳᠦᠭᠡᠷ ᠵᠦᠢᠯ    ᠮᠠᠨ ᠤ ᠬᠤᠲᠠ ᠶᠢᠨ ᠲᠠᠷᠢᠶᠠᠯᠠᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠳᠤ ᠬᠠᠨᠳᠤᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠯᠠᠨ ᠶᠠᠩᠵᠤ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢ︾ ᠪᠣᠯᠣᠨ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 71 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠦᠰᠦᠭ〔2020〕310 ᠳ᠋ᠤᠭᠠᠷ ᠲᠣᠭᠠᠲᠤ︶᠂ ︽ᠳᠤᠮᠳᠠᠳᠤ ᠤᠯᠤᠰ ᠤᠨ ᠠᠷᠠᠳ ᠤᠨ ᠪᠠᠩᠬᠢ᠂ ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠭᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠤᠨ ᠮᠥᠩᠭᠦᠨ ᠭᠦᠢᠯᠭᠡᠭᠡᠨ ᠢᠶᠠᠷ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ︵ᠪᠠᠩᠬᠢ ᠲᠠᠷᠬᠠᠭᠠᠭᠰᠠᠨ ﹇2021﹈ 133 ᠳ᠋ᠤᠭᠠᠷ ᠲᠣᠭᠠᠲᠤ︶᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︿ᠪᠥᠬᠦ ᠤᠯᠤᠰ ᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2023 ︱ 2030 ᠣᠨ﹈ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠯᠠᠩ ᠠᠵᠤ ᠠᠬᠤᠢ ᠡᠳ᠋ ᠤᠨ ᠵᠠᠰᠠᠭ ᠲᠠᠷᠬᠠᠭᠠᠭᠰᠠᠨ ﹇2023﹈ 6 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠪᠤᠰᠤᠳ ᠭᠠᠵᠠᠷ ᠣᠷᠣᠨ ᠤ ᠲᠠᠷᠢᠶᠠᠯᠠᠩ ᠤᠨ ᠪᠡᠯᠡᠳᠬᠡᠮᠵᠢ ᠶᠢ ᠳᠠᠩᠰᠠᠯᠠᠬᠤ ᠶᠢ ᠥᠷᠨᠢᠭᠦᠯᠦᠭᠰᠡᠨ ᠲᠡᠷᠢᠭᠦᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ᠃     ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠯᠠᠩ ᠤᠨ ᠪᠡᠯᠡᠳᠬᠡᠮᠵᠢ ᠶᠢ ᠬᠡᠷᠡᠭᠯᠡᠬᠦ ᠡᠷᠬᠡ ᠭᠡᠳᠡᠭ ᠨᠢ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠥᠪᠡᠷ ᠤᠨ ᠳᠠᠭᠠᠭᠠᠴᠢᠯᠠᠭᠰᠠᠨ ᠭᠠᠵᠠᠷ ᠰᠢᠷᠣᠢ ᠪᠤᠶᠤ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠳᠡᠭᠡᠷ᠎ᠡ ᠬᠠᠤᠯᠢ ᠲᠣᠭᠲᠠᠭᠠᠯ ᠶᠣᠰᠣᠭᠠᠷ ᠪᠡᠯᠡ ᠣᠷᠣᠭᠤᠯᠵᠤ ᠪᠦᠲᠦᠭᠡᠨ ᠪᠠᠶᠢᠭᠤᠯᠤᠭᠠᠳ ᠪᠦᠷᠢᠯᠳᠦᠭᠰᠡᠨ ᠮᠥᠷᠲᠡᠭᠡᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠱᠠᠭᠠᠷᠳᠠᠯᠭ᠎ᠠ ᠳᠤ ᠨᠡᠶᠢᠴᠡᠬᠦ ᠶᠢ ᠵᠢᠭᠠᠵᠤ ᠪᠠᠶᠢᠨ᠎ᠠ᠃ ᠳᠠᠭᠠᠯᠲᠠ ᠪᠡᠯᠡᠳᠬᠡᠮᠵᠢ ᠪᠣᠯᠣᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠬᠡᠷᠡᠭᠯᠡᠬᠦ ᠭᠠᠵᠠᠷ ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠢᠴᠠᠯ ᠪᠣᠯᠣᠨ ᠲᠠᠯᠠᠪᠠᠶ ᠶᠢᠨ ᠪᠠᠷᠢᠮᠵᠢᠶ᠎ᠠ ᠠᠴᠠ ᠬᠡᠲᠦᠷᠡᠬᠦ ᠦᠭᠡᠢ᠂ ᠲᠠᠷᠢᠶᠠᠯᠠᠩ ᠤᠨ ᠬᠦᠯᠡᠮᠵᠢ ᠪᠣᠯᠣᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠵᠡᠷᠭᠡ ᠳᠠᠭᠠᠯᠲᠠ ᠲᠥᠬᠦᠷ ᠪᠡᠯᠡᠳᠬᠡᠮᠵᠢ ᠶᠢ ᠪᠠᠭᠲᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ᠂ ᠠᠰᠢᠭ ᠣᠷᠣᠯᠭ᠎ᠠ ᠳᠤ ᠰᠢᠭᠤᠳ ᠬᠡᠷᠡᠭᠯᠡᠬᠦ ᠪᠡᠯᠡᠳᠬᠡᠮᠵᠢ ᠳᠤ ᠡᠵᠡᠯᠡᠬᠦ᠂ ᠬᠡᠷᠡᠭᠯᠡᠬᠦ ᠪᠠ ᠠᠰᠢᠭ ᠣᠯᠬᠤ ᠡᠷᠬᠡ ᠶᠢ ᠡᠳ᠋ᠯᠡᠨ᠎ᠡ᠃      ᠬᠤᠶᠠᠳᠤᠭᠠᠷ ᠵᠦᠢᠯ     ᠲᠠᠷᠢᠶᠠᠯᠠᠩ ᠮᠠᠯ ᠠᠵᠤ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠵᠦ ᠣᠯᠭᠤᠭᠰᠠᠨ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠨᠢ ᠵᠥᠪᠬᠡᠨ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠳᠤ ᠬᠢᠵᠠᠭᠠᠷᠯᠠᠭᠳᠠᠨ᠎ᠠ᠂ ᠡᠭᠦᠨ ᠳᠤ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠪᠠᠭᠲᠠᠬᠤ ᠦᠭᠡᠢ︔ ︽ᠳᠤᠮᠳᠠᠳᠤ ᠤᠯᠤᠰ ᠤᠨ ᠠᠷᠠᠳ ᠤᠨ ᠪᠠᠩᠬᠢ᠂ ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠭᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ ᠳᠡᠮᠵᠢᠬᠦ ᠲᠤᠬᠠᠢ ᠰᠠᠨᠠᠯ︾ ︵ᠪᠠᠩᠬᠢ ᠲᠠᠷᠬᠠᠭᠠᠭᠰᠠᠨ ﹇2021﹈ 133 ᠳ᠋ᠤᠭᠠᠷ ᠲᠣᠭᠠᠲᠤ︶ ᠪᠠ ︽ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︿ᠪᠥᠬᠦ ᠤᠯᠤᠰ ᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2023 ︱ 2030 ᠣᠨ﹈ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠯᠠᠩ ᠠᠵᠤ ᠠᠬᠤᠢ ᠡᠳ᠋ ᠤᠨ ᠵᠠᠰᠠᠭ ᠲᠠᠷᠬᠠᠭᠠᠭᠰᠠᠨ ﹇2023﹈ 6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠥᠮᠴᠢᠯᠡᠯ ᠤᠨ ᠡᠷᠬᠡᠲᠦ ᠬᠥᠮᠥᠨ ᠨᠢ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠢᠶᠠᠷ ᠢᠶᠠᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠪᠠᠷᠢᠴᠠᠭᠠᠲᠤ ᠵᠢᠭᠡᠯᠡᠯᠭᠡ ᠭᠤᠶᠤᠴᠢᠯᠠᠵᠤ ᠪᠣᠯᠬᠤ ᠪᠥᠭᠡᠳ ᠠᠷᠠᠳ ᠤᠨ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠥᠪ ᠤᠨ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠨᠢᠭᠡᠳᠦᠯᠲᠡᠢ ᠳᠡᠩᠰᠡᠯᠡᠵᠦ ᠵᠠᠷᠯᠠᠨ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠢᠭᠡᠳᠦᠯᠲᠡᠢ ᠳᠠᠩᠰᠠᠯᠠᠯᠲᠠ ᠬᠢᠨ᠎ᠡ᠃ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ︽ᠲᠠᠷᠢᠶᠠᠯᠠᠩ ᠤᠨ ᠪᠡᠯᠡᠳᠬᠡᠮᠵᠢ ᠶᠢᠨ ᠪᠡᠷᠢᠴᠠᠭᠠᠨ ᠤ ᠳᠠᠩᠰᠠᠯᠠᠯᠲᠠ ᠶᠢᠨ ᠦᠨᠡᠮᠯᠡᠯ︾ ᠵᠢᠴᠢ ᠲᠡᠭᠦᠨ ᠢ ᠬᠤᠪᠢᠷᠠᠭᠤᠯᠬᠤ᠂ ᠬᠤᠭᠤᠴᠠᠭ᠎ᠠ ᠶᠢ ᠤᠷᠲᠤᠳᠬᠠᠬᠤ᠂ ᠲᠠᠩᠰᠠᠨ ᠠᠴᠠ ᠬᠠᠰᠤᠬᠤ ᠳᠠᠩᠰᠠᠯᠠᠯᠲᠠ ᠶᠢᠨ ᠭᠠᠷ ᠭᠦᠢᠴᠡᠳᠬᠡᠯ ᠢ ᠬᠠᠷᠢᠭᠤᠴᠠᠨ ᠭᠦᠢᠴᠡᠳᠬᠡᠨ᠎ᠡ᠃    ᠭᠤᠷᠪᠠᠳᠤᠭᠠᠷ ᠵᠦᠢᠯ    ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢ ᠳᠠᠩᠰᠠᠯᠠᠭᠤᠯᠬᠤ ᠳᠤ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠭᠤᠶᠤᠴᠢᠯᠠᠭᠴᠢ ᠨᠢ ᠡᠷᠬᠡᠲᠦ ᠬᠥᠮᠥᠨ ᠲᠠᠢ ᠨᠢᠭᠡᠳᠦᠯᠲᠡᠢ ᠪᠠᠶᠢᠬᠤ᠂ ᠲᠠᠷᠢᠶᠠᠯᠠᠩ ᠤᠨ ᠪᠡᠯᠡᠳᠬᠡᠮᠵᠢ ᠶᠢ ᠳᠠᠩᠰᠠᠯᠠᠭᠤᠯᠤᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠪᠣᠳᠠᠲᠤ ᠪᠠᠶᠢᠳᠠᠯ ᠢ ᠦᠨᠳᠦᠰᠦᠯᠡᠨ ᠳᠠᠩᠰᠠᠯᠠᠭᠤᠯᠬᠤ ᠵᠠᠷᠴᠢᠮ ᠢ ᠬᠡᠷᠡᠭᠵᠢᠭᠦᠯᠦᠨ᠎ᠡ᠃    ᠳᠥᠷᠪᠡᠳᠦᠭᠡᠷ ᠵᠦᠢᠯ     ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠬᠢᠯᠭᠡᠬᠦ ᠳᠤ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄     ︵ᠨᠢᠭᠡ︶ ᠲᠠᠷᠢᠶᠠᠯᠠᠩ ᠤᠨ ᠪᠡᠯᠡᠳᠬᠡᠮᠵᠢ ᠶᠢᠨ ᠡᠷᠬᠡ ᠶᠢᠨ ᠬᠠᠷᠢᠶᠠᠯᠠᠯ ᠨᠢ ᠲᠣᠳᠣᠷᠬᠠᠢ︔     ︵ᠬᠤᠶᠠᠷ︶ ᠲᠠᠷᠢᠶᠠᠯᠠᠩ ᠤᠨ ᠪᠡᠯᠡᠳᠬᠡᠮᠵᠢ ᠶᠢᠨ ᠲᠥᠷᠥᠯ ᠵᠦᠢᠯ ᠨᠢ ︽ᠤᠯᠠᠭᠠᠨᠴᠠᠪ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶ ︾ ︽ᠤᠯᠠᠭᠠᠨᠴᠠᠪ ᠬᠤᠲᠠ ᠶᠢᠨ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ︾ ᠵᠢᠴᠢ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ︾ ᠳᠤ ᠨᠡᠶᠢᠴᠡᠵᠦ᠂ ᠳᠠᠭᠠᠭᠠᠴᠢᠯᠠᠭᠰᠠᠨ ᠪᠤᠶᠤ ᠡᠷᠭᠢᠯᠲᠡ ᠳᠤ ᠣᠷᠣᠭᠤᠯᠤᠭᠰᠠᠨ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠳᠠᠩᠰᠠᠯᠠᠭᠤᠯᠬᠤ ᠭᠡᠷ᠎ᠡ ᠶᠢᠨ ᠦᠯᠡᠳᠡᠭᠰᠡᠨ ᠬᠤᠭᠤᠴᠠᠭ᠎ᠠ ᠨᠢ ᠲᠠᠷᠢᠶᠠᠨ ᠭᠠᠵᠠᠷ ᠤᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠠᠴᠠ ᠬᠡᠲᠦᠷᠡᠵᠦ ᠪᠣᠯᠬᠤ ᠦᠭᠡᠢ︔     ︵ᠭᠤᠷᠪᠠ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ  ︔     ︵ᠳᠥᠷᠪᠡ︶ ᠲᠠᠷᠢᠶᠠᠯᠠᠩ ᠤᠨ ᠪᠡᠯᠡᠳᠬᠡᠮᠵᠢ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠨᠢ ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇2020﹈ 310 ᠳ᠋ᠤᠭᠠᠷ ᠲᠣᠭᠠᠲᠤ︶ ᠪᠠ ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇2020﹈ 577 ᠳ᠋ᠤᠭᠠᠷ ᠲᠣᠭᠠᠲᠤ︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠲᠠᠷᠢᠶᠠᠯᠠᠩ ᠤᠨ ᠪᠡᠯᠡᠳᠬᠡᠮᠵᠢ ᠳᠤ ᠭᠠᠵᠠᠷ ᠬᠡᠷᠡᠭᠯᠡᠬᠦ ᠳᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠵᠢᠷᠤᠭ ᠢ ᠭᠦᠢᠴᠡᠳᠬᠡᠵᠦ ᠬᠥᠮᠥᠷᠭᠡ ᠳᠤ ᠣᠷᠣᠭᠤᠯᠬᠤ ᠬᠡᠷᠡᠭᠲᠡᠢ︔     ︵ᠲᠠᠪᠤ︶ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠦᠢᠯᠡᠰ ᠨᠢ ᠤᠯᠤᠰ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠪᠠᠷᠢᠮᠵᠢᠶ᠎ᠠ ᠳᠤ ᠬᠦᠷᠬᠦ ᠶᠢᠨ ᠬᠠᠮᠲᠤ ᠣᠷᠴᠢᠨ ᠠᠬᠤᠢ ᠶᠢᠨ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ ᠶᠢ ᠬᠠᠩᠭᠠᠬᠤ ᠬᠡᠷᠡᠭᠲᠡᠢ︔     ︵ᠵᠢᠷᠭᠤᠭ᠎ᠠ︶ ᠳᠣᠣᠷ᠎ᠠ ᠵᠢᠭᠰᠠᠭᠠᠭᠰᠠᠨ ᠪᠠᠶᠢᠳᠠᠯ ᠢ ᠳᠡᠩᠰᠡᠯᠡᠵᠦ ᠦᠨᠡᠮᠯᠡᠯ ᠣᠯᠭᠤᠬᠤ ᠦᠭᠡᠢ᠄ ᠲᠥᠯᠦᠪᠵᠢᠭᠦᠯᠭᠡ ᠶᠢᠨ ᠶᠣᠰᠣᠭᠠᠷ ᠪᠦᠲᠦᠭᠡᠨ ᠪᠠᠶᠢᠭᠤᠯᠤᠭᠰᠠᠨ ᠦᠭᠡᠢ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠂ ᠥᠮᠴᠢᠯᠡᠬᠦ ᠡᠷᠬᠡ ᠨᠢ ᠲᠣᠳᠣᠷᠬᠠᠢ ᠦᠭᠡᠢ᠂ ᠡᠷᠬᠡ ᠶᠢᠨ ᠬᠠᠷᠢᠶᠠᠯᠠᠯ ᠤᠨ ᠮᠠᠲ᠋ᠧᠷᠢᠶᠠᠯ ᠢ ᠬᠠᠩᠭᠠᠬᠤ ᠶᠢᠨ ᠠᠷᠭ᠎ᠠ ᠦᠭᠡᠢ᠂ ᠬᠡᠷᠡᠭᠯᠡᠭᠡᠨ ᠠᠴᠠ ᠭᠠᠷᠭᠠᠬᠤ᠂ ᠬᠡᠷᠡᠭᠴᠡᠭᠡ ᠶᠢ ᠨᠢ ᠬᠤᠪᠢᠷᠠᠭᠤᠯᠬᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ᠵᠡᠷᠭᠡ᠃    ᠲᠠᠪᠤᠳᠤᠭᠠᠷ ᠵᠦᠢᠯ    ᠲᠠᠷᠢᠶᠠᠯᠠᠩ ᠤᠨ ᠪᠡᠯᠡᠳᠬᠡᠮᠵᠢ ᠶᠢ ᠰᠠᠭᠤᠷᠢ ︵ᠰᠠᠭᠤᠳᠠᠯ᠂ ᠭᠠᠵᠠᠷ︶ ᠪᠠᠷ ᠳᠠᠩᠰᠠᠯᠠᠭᠤᠯᠤᠨ᠎ᠠ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠳᠤ ᠳᠣᠣᠷᠠᠬᠢ ᠠᠭᠤᠯᠭ᠎ᠠ ᠶᠢ ᠲᠡᠮᠳᠡᠭᠯᠡᠬᠦ ᠬᠡᠷᠡᠭᠲᠡᠢ᠄    ︵ᠨᠢᠭᠡ︶ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠤ ᠨᠡᠷᠡᠶᠢᠳᠦᠯ᠂ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ ᠵᠢᠴᠢ ᠪᠡᠶ᠎ᠡ ᠶᠢᠨ ᠦᠨᠡᠮᠯᠡᠯ ᠤᠨ ᠨᠣᠮᠧᠷ︔    ︵ᠬᠤᠶᠠᠷ︶ ᠲᠠᠷᠢᠶᠠᠯᠠᠩ ᠤᠨ ᠪᠡᠯᠡᠳᠬᠡᠮᠵᠢ ᠶᠢᠨ ᠬᠠᠶ᠋ᠢᠭ︔    ︵ᠭᠤᠷᠪᠠ︶ ᠲᠠᠷᠢᠶᠠᠯᠠᠩ ᠤᠨ ᠪᠡᠯᠡᠳᠬᠡᠮᠵᠢ ᠶᠢᠨ ᠲᠥᠷᠥᠯ ᠢᠯᠭᠠᠯ᠂ ᠲᠡᠯᠡᠪᠡᠢ᠂ ᠲᠤᠭ᠎ᠠ ᠬᠡᠮᠵᠢᠶ᠎ᠡ᠂ ᠪᠠᠶᠢᠭᠤᠯᠵᠤ ᠳᠠᠭᠤᠰᠬᠠᠭᠰᠠᠨ ᠴᠠᠭ ᠬᠤᠭᠤᠴᠠᠭ᠎ᠠ᠂ ᠬᠡᠷᠡᠭᠯᠡᠭᠰᠡᠨ ᠵᠢᠯ ᠬᠤᠭᠤᠴᠠᠭ᠎ᠠ︔    ︵ᠳᠥᠷᠪᠡ︶ ᠲᠠᠷᠢᠶᠠᠯᠠᠩ ᠤᠨ ᠪᠡᠯᠡᠳᠬᠡᠮᠵᠢ ᠶᠢᠨ ᠳᠠᠩᠰᠠᠯᠠᠭᠤᠯᠤᠭᠰᠠᠨ ᠮᠠᠲ᠋ᠧᠷᠢᠶᠠᠯ᠂ ᠡᠭᠦᠨ ᠳᠤ᠄ ᠭᠠᠵᠠᠷ ᠬᠡᠷᠡᠭᠯᠡᠬᠦ ᠰᠢᠨᠵᠢ ᠴᠢᠨᠠᠷ᠂ ᠭᠠᠵᠠᠷ ᠰᠢᠷᠣᠢ ᠶᠢᠨ ᠲᠡᠯᠡᠪᠡᠢ᠂ ᠳᠥᠷᠪᠡᠨ ᠵᠠᠬ᠎ᠠ ᠶᠢᠨ ᠵᠠᠭᠠᠭ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠭᠡᠷ᠎ᠡ ᠶᠢᠨ ᠳ᠋ᠤᠭᠠᠷ᠂ ᠡᠷᠭᠢᠯᠲᠡ ᠶᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠪᠠᠭᠲᠠᠭᠠᠨ᠎ᠠ︔     ︵ᠲᠠᠪᠤ︶ ᠲᠠᠷᠢᠶᠠᠯᠠᠩ ᠤᠨ ᠲᠥᠬᠦᠭᠡᠷᠦᠮᠵᠢ ᠶᠢᠨ ᠬᠠᠪᠲᠠᠭᠠᠢ ᠵᠢᠷᠤᠭ᠂ ᠲᠠᠷᠢᠶᠠᠯᠠᠩ ᠤᠨ ᠲᠥᠬᠦᠭᠡᠷᠦᠮᠵᠢ ᠶᠢᠨ ᠲᠤᠬᠠᠢ ᠶᠢᠨ ᠭᠠᠵᠠᠷ ᠤᠨ ᠭᠡᠷᠡᠯ ᠵᠢᠷᠤᠭ︔     ︵ᠵᠢᠷᠭᠤᠭ᠎ᠠ︶ ᠳᠠᠩᠰᠠᠯᠠᠬᠤ ᠪᠠᠶᠢᠭᠤᠯᠭ᠎ᠠ᠂ ᠦᠨᠡᠮᠯᠡᠯ ᠣᠯᠭᠤᠭᠰᠠᠨ ᠪᠠᠶᠢᠭᠤᠯᠭ᠎ᠠ᠂ ᠦᠨᠡᠮᠯᠡᠯ ᠣᠯᠭᠤᠭᠰᠠᠨ ᠴᠠᠭ ᠬᠤᠭᠤᠴᠠᠭ᠎ᠠ ᠵᠢᠴᠢ ᠦᠨᠡᠮᠯᠡᠯ ᠤᠨ ᠬᠦᠴᠦᠨ ᠲᠠᠢ ᠬᠤᠭᠤᠴᠠᠭ᠎ᠠ︔     ︵ᠲᠤᠯᠤᠭ᠎ᠠ︶ ᠪᠡᠯᠡᠳᠬᠡᠮᠵᠢ ᠳᠤ ᠬᠡᠷᠡᠭᠯᠡᠬᠦ ᠭᠠᠵᠠᠷ ᠢ ᠳᠠᠩᠰᠠᠯᠠᠭᠤᠯᠤᠭᠰᠠᠨ ᠳᠠᠭᠠᠭᠠᠴᠢᠯᠠᠯᠲᠠ ᠶᠢᠨ ᠡᠷᠭᠢᠯᠲᠡ ᠶᠢᠨ ᠬᠤᠪᠢᠷᠠᠯᠲᠠ ᠶᠢᠨ ᠪᠠᠶᠢᠳᠠᠯ︔     ︵ᠨᠠᠢᠮᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠵᠦᠢᠯᠡᠰ᠃     ᠵᠢᠷᠭᠤᠳᠤᠭᠠᠷ ᠵᠦᠢᠯ    ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢ ᠳᠠᠩᠰᠠᠯᠠᠬᠤ     ︵ᠨᠢᠭᠡ︶ ᠭᠤᠶᠤᠴᠢᠯᠠᠯ ᠭᠠᠷᠭᠠᠬᠤ᠃ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠠᠴᠠ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ᠂ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠵᠢᠷᠤᠮᠵᠢᠭᠰᠠᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠭᠡᠷ᠎ᠡ ︵ᠭᠠᠴᠠᠭᠠᠨ ᠤ ᠬᠠᠮᠲᠤ ᠨᠡᠶᠢᠲᠡ ᠲᠠᠢ ᠲᠣᠭᠲᠠᠭᠰᠠᠨ ᠡᠷᠭᠢᠯᠲᠡ ᠶᠢᠨ ᠬᠡᠯᠡᠯᠴᠡᠭᠡᠷ᠂ ᠭᠠᠴᠠᠭᠠᠨ ᠤ ᠠᠷᠠᠳ ︵ᠲᠥᠯᠥᠭᠡᠯᠡᠭᠴᠢᠳ︶ ᠤᠨ ᠶᠡᠭᠡ ᠬᠤᠷᠠᠯ ᠤᠨ ᠰᠢᠢᠳᠪᠦᠷᠢ ᠵᠢᠴᠢ ᠭᠠᠴᠠᠭᠠᠨ ᠤ ᠠᠷᠠᠳ ᠬᠢᠭᠡᠳ ᠭᠠᠴᠠᠭᠠᠨ ᠤ ᠬᠠᠮᠲᠤ ᠨᠡᠶᠢᠲᠡ ᠶᠢᠨ ᠲᠣᠭᠲᠠᠭᠠᠭᠰᠠᠨ ᠡᠷᠭᠢᠯᠲᠡ ᠶᠢᠨ ᠬᠡᠯᠡᠯᠴᠡᠭᠡᠷ︶᠂ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠢ ᠳᠠᠩᠰᠠᠯᠠᠭᠤᠯᠤᠭᠰᠠᠨ ᠭᠡᠷᠡᠴᠢ᠂ ᠲᠠᠷᠢᠶᠠᠯᠠᠩ ᠤᠨ ᠪᠡᠯᠡᠳᠬᠡᠮᠵᠢ ᠶᠢᠨ ᠬᠠᠪᠲᠠᠭᠠᠢ ᠵᠢᠷᠤᠭ᠂ ᠭᠡᠷᠡᠯ ᠵᠢᠷᠤᠭ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠴᠢᠬᠤᠯᠠᠲᠠᠢ᠃     ︵ᠬᠤᠶᠠᠷ︶ ᠠᠩᠬᠠᠨ ᠤ ᠰᠢᠯᠭᠠᠨ ᠪᠠᠶᠢᠴᠠᠭᠠᠯᠲᠠ ᠪᠠᠷ ᠬᠢᠨᠠᠨ ᠬᠠᠷᠭᠤᠭᠤᠯᠬᠤ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠨᠢ ᠭᠥᠯᠢᠶᠡᠨ ᠠᠪᠴᠤ ᠰᠢᠢᠳᠪᠦᠷᠢᠯᠡᠬᠦ ᠠᠴᠠ ᠡᠮᠦᠨ᠎ᠡ ᠭᠤᠶᠤᠴᠢᠯᠠᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠬᠡᠷᠡᠭᠯᠡᠬᠦ ᠭᠠᠵᠠᠷ ᠤᠨ ᠬᠠᠤᠯᠢ ᠶᠣᠰᠣᠴᠢ ᠴᠢᠨᠠᠷ ᠵᠡᠷᠭᠡ ᠳᠤ ᠬᠢᠨᠠᠨ ᠪᠠᠶᠢᠴᠠᠭᠠᠯᠲᠠ ᠬᠢᠵᠦ᠂ ᠲᠣᠭᠲᠠᠭᠠᠯ ᠳᠤ ᠨᠡᠶᠢᠴᠡᠪᠡᠯ ᠭᠥᠯᠢᠶᠡᠨ ᠠᠪᠴᠤ ᠰᠢᠢᠳᠪᠦᠷᠢᠯᠡᠨ᠎ᠡ᠂ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠲᠤᠬᠠᠢ ᠶᠢᠨ ᠲᠠᠯᠠᠪᠤᠷ  ᠲᠤᠨᠢ ᠪᠠᠶᠢᠴᠠᠭᠠᠨ ᠰᠢᠯᠭᠠᠬᠤ ᠶᠢ ᠪᠡᠶᠡᠯᠡᠭᠦᠯᠬᠦ ᠬᠡᠷᠡᠭᠲᠡᠢ᠃ ᠠᠩᠬ᠎ᠠ ᠰᠢᠯᠭᠠᠨ ᠬᠢᠨᠠᠭᠰᠠᠨ ᠦᠷ᠎ᠡ ᠳ᠋ᠦᠩ ᠢ ᠪᠠᠶᠢᠭ᠎ᠠ ᠰᠤᠮᠤ ᠰᠢᠶᠠᠩ ᠪᠠᠯᠭᠠᠰᠤ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 10 ᠠᠵᠢᠯᠯᠠᠬᠤ ᠡᠳᠦᠷ ᠪᠣᠯᠣᠨ᠎ᠠ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠢ ᠭᠤᠶᠤᠴᠢᠯᠠᠯ ᠤᠨ ᠪᠢᠴᠢᠭ ᠳᠡᠭᠡᠷ᠎ᠡ ᠵᠥᠪᠰᠢᠶᠡᠷᠡᠭᠰᠡᠨ ᠰᠠᠨᠠᠯ ᠳᠤ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠭᠰᠠᠨ ᠤ ᠳᠠᠷᠠᠭ᠎ᠠ᠂ ᠪᠤᠰᠤᠳ ᠭᠤᠶᠤᠴᠢᠯᠠᠯ ᠤᠨ ᠮᠠᠲ᠋ᠧᠷᠢᠶᠠᠯ ᠲᠠᠢ ᠬᠠᠮᠲᠤ  ᠳᠤᠨᠢ ᠬᠤᠰᠢᠭᠤ ᠰᠢᠶᠠᠨ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠵᠤ ᠳᠠᠬᠢᠨ ᠬᠢᠨᠠᠭᠤᠯᠤᠨ᠎ᠠ᠃       ︵ᠭᠤᠷᠪᠠ︶ ᠳᠠᠩᠰᠠᠯᠠᠭᠤᠯᠤᠭᠰᠠᠨ ᠦᠨᠡᠮᠯᠡᠯ ᠢ ᠬᠢᠨᠠᠨ ᠣᠯᠭᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠬᠢᠨ ᠬᠢᠨᠠᠭᠰᠠᠨ ᠤ ᠳᠠᠷᠠᠭ᠎ᠠ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠳᠡᠪᠲᠡᠷ ᠤᠨ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠢ ᠣᠯᠭᠤᠨ᠎ᠠ᠃    ᠳᠣᠯᠣᠳᠤᠭᠠᠷ ᠵᠦᠢᠯ    ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠬᠦᠴᠦᠨ ᠲᠠᠢ ᠬᠤᠭᠤᠴᠠᠭ᠎ᠠ ᠨᠢ ᠲᠠᠷᠢᠶᠠᠨ ᠭᠠᠵᠠᠷ ᠤᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠠᠴᠠ ᠬᠡᠲᠦᠷᠡᠬᠦ ᠦᠭᠡᠢ ᠮᠥᠷᠲᠡᠭᠡᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠳᠠᠭᠠᠭᠠᠴᠢᠯᠠᠨ ᠡᠵᠡᠩᠨᠡᠬᠦ ᠬᠤᠭᠤᠴᠠᠭ᠎ᠠ ᠠᠴᠠ ᠬᠡᠲᠦᠷᠡᠬᠦ ᠦᠭᠡᠢ᠃    ᠨᠠᠢᠮᠠᠳᠤᠭᠠᠷ ᠵᠦᠢᠯ    ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠳᠤ ᠬᠤᠪᠢᠷᠠᠯᠲᠠ ᠭᠠᠷᠤᠭᠰᠠᠨ᠂ ᠲᠠᠷᠢᠶᠠᠯᠠᠩ ᠤᠨ ᠪᠡᠯᠡᠳᠬᠡᠮᠵᠢ ᠶᠢᠨ ᠣᠳᠣᠬᠢ ᠪᠠᠶᠢᠳᠠᠯ ᠳᠤ ᠬᠤᠪᠢᠷᠠᠯᠲᠠ ᠭᠠᠷᠤᠭᠰᠠᠨ ᠪᠤᠶᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠬᠤᠶᠢᠰᠢᠯᠠᠭᠤᠯᠤᠭᠰᠠᠨ ᠠᠴᠠ ᠪᠣᠯᠵᠤ ᠲᠠᠷᠢᠶᠠᠯᠠᠩ ᠤᠨ ᠪᠡᠯᠡᠳᠬᠡᠮᠵᠢ ᠶᠢᠨ ᠬᠦᠴᠦᠨ ᠲᠠᠢ ᠬᠤᠭᠤᠴᠠᠭ᠎ᠠ ᠶᠢ ᠤᠷᠲᠤᠳᠬᠠᠭᠰᠠᠨ ᠪᠠᠶᠢᠪᠠᠯ᠂ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠬᠡᠷᠡᠭᠲᠡᠢ᠃     ᠲᠠᠷᠢᠶᠠᠯᠠᠩ ᠤᠨ ᠪᠡᠯᠡᠳᠬᠡᠮᠵᠢ ᠶᠢ ᠬᠤᠪᠢᠷᠠᠭᠤᠯᠬᠤ ᠳᠠᠩᠰᠠᠯᠠᠯᠲᠠ ᠬᠢᠯᠭᠡᠬᠦ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃       ︵ᠨᠢᠭᠡ︶ ᠳᠠᠩᠰᠠᠯᠠᠯᠲᠠ ᠶᠢ ᠬᠤᠪᠢᠷᠠᠭᠤᠯᠬᠤ ᠭᠤᠶᠤᠴᠢᠯᠠᠯ ᠤᠨ ᠪᠢᠴᠢᠭ︔       ︵ᠬᠤᠶᠠᠷ︶ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠤ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ︔       ︵ᠭᠤᠷᠪᠠ︶ ᠬᠤᠪᠢᠷᠠᠭᠤᠯᠬᠤ ᠪᠠᠷ ᠭᠤᠶᠤᠴᠢᠯᠠᠭᠰᠠᠨ ᠵᠦᠢᠯᠡᠰ ᠢ ᠭᠡᠷᠡᠴᠢᠯᠡᠬᠦ ᠮᠠᠲ᠋ᠧᠷᠢᠶᠠᠯ︔      ︵ᠳᠥᠷᠪᠡ︶ ᠲᠠᠷᠢᠶᠠᠯᠠᠩ ‍ᠤᠨ‌‍ᠪᠡᠯᠡᠳᠬᠡᠮᠵᠢ ᠶᠢᠨ ᠳᠠᠩᠰᠠᠯᠠᠯᠲᠠ ᠶᠢᠨ ᠦᠨᠡᠮᠯᠡᠯ ᠤᠨ ᠤᠭ ᠮᠠᠲ᠋ᠧᠷᠢᠶᠠᠯ᠃       ᠶᠢᠰᠦᠳᠦᠭᠡᠷ ᠵᠦᠢᠯ    ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠨᠢ ᠬᠦᠴᠦᠨ ᠦᠭᠡᠢ ᠪᠣᠯᠭᠠᠬᠤ ᠭᠤᠶᠤᠴᠢᠯᠠᠯ ᠭᠠᠷᠭᠠᠭᠰᠠᠨ᠂ ᠲᠠᠷᠢᠶᠠᠯᠠᠩ ᠤᠨ ᠪᠡᠯᠡᠳᠬᠡᠮᠵᠢ ᠨᠢ ᠤᠰᠠᠳᠤᠭᠰᠠᠨ᠂ ᠲᠠᠷᠢᠶᠠᠯᠠᠩ ᠤᠨ ᠪᠡᠯᠡᠳᠬᠡᠮᠵᠢ ᠳᠤ ᠭᠠᠵᠠᠷ ᠬᠡᠷᠡᠭᠯᠡᠬᠦ ᠬᠡᠯᠡᠯᠴᠡᠭᠡᠷ ᠨᠢ ᠳᠠᠭᠤᠰᠤᠭᠰᠠᠨ ᠪᠤᠶᠤ ᠭᠠᠵᠠᠷ ᠰᠢᠷᠣᠢ ᠨᠢ ᠬᠠᠤᠯᠢ ᠶᠣᠰᠣᠭᠠᠷ ᠲᠠᠲᠠᠪᠤᠷᠢᠯᠠᠭᠳᠠᠭᠰᠠᠨ᠂ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠳᠤ ᠬᠤᠪᠢᠷᠠᠯᠲᠠ ᠭᠠᠷᠤᠭᠰᠠᠨ ᠪᠤᠶᠤ ᠲᠠᠷᠢᠶᠠᠯᠠᠩ ᠤᠨ ᠪᠡᠯᠡᠳᠬᠡᠮᠵᠢ ᠶᠢᠨ ᠣᠳᠣᠬᠢ ᠪᠠᠶᠢᠳᠠᠯ ᠳᠤ ᠬᠤᠪᠢᠷᠠᠯᠲᠠ ᠭᠠᠷᠤᠭᠠᠳ ᠬᠤᠪᠢᠷᠠᠭᠤᠯᠬᠤ ᠳᠠᠩᠰᠠᠯᠠᠯᠲᠠ ᠬᠢᠯᠭᠡᠭᠰᠡᠨ ᠦᠭᠡᠢ᠂ ᠬᠦᠴᠦᠨ ᠲᠠᠢ ᠬᠤᠭᠤᠴᠠᠭ᠎ᠠ ᠨᠢ ᠨᠢᠭᠡᠨᠲᠡ ᠲᠤᠯᠤᠭᠰᠠᠨ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠢ ᠪᠠᠯᠠᠯᠤᠨ ᠵᠠᠰᠠᠭᠰᠠᠨ ᠵᠡᠷᠭᠡ ᠪᠠᠶᠢᠳᠠᠯ ᠤᠨ ᠨᠢᠭᠡ ᠨᠢ ᠪᠠᠶᠢᠪᠠᠯ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠨᠢ ᠠᠶᠠᠨᠳᠠᠭᠠᠨ ᠬᠦᠴᠦᠨ ᠦᠭᠡᠢ ᠪᠣᠯᠣᠨ᠎ᠠ᠃      ᠬᠦᠴᠦᠨ ᠦᠭᠡᠢ ᠪᠣᠯᠤᠭᠰᠠᠨ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠢ ᠤᠤᠯ ᠤᠨ ᠳᠠᠩᠰᠠᠯᠠᠯᠲᠠ ᠶᠢᠨ ᠪᠠᠶᠢᠭᠤᠯᠭ᠎ᠠ ᠠᠴᠠ ᠬᠦᠴᠦᠨ ᠦᠭᠡᠢ ᠪᠣᠯᠭᠠᠬᠤ ᠬᠡᠷᠡᠭᠲᠡᠢ᠃ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠢ ᠬᠦᠴᠦᠨ ᠦᠭᠡᠢ ᠪᠣᠯᠭᠠᠬᠤ ᠳᠤ᠂ ᠳᠠᠩᠰᠠᠯᠠᠬᠤ ᠪᠠᠶᠢᠭᠤᠯᠭ᠎ᠠ ᠠᠴᠠ ᠪᠢᠴᠢᠭ ᠤᠨ ᠲᠣᠭᠲᠠᠭᠠᠯ ᠭᠠᠷᠭᠠᠵᠤ᠂ ᠲᠤᠬᠠᠢ ᠶᠢᠨ ᠬᠥᠮᠥᠨ ᠳᠤ ᠬᠦᠷᠭᠡᠬᠦ ᠶᠢᠨ ᠬᠠᠮᠲᠤ ᠤᠤᠯ ᠤᠨ ᠣᠯᠭᠤᠭᠰᠠᠨ ᠡᠷᠬᠡ ᠶᠢᠨ ᠬᠠᠷᠢᠶᠠᠯᠠᠯ ᠤᠨ ᠦᠨᠡᠮᠯᠡᠯ ᠢ ᠬᠤᠷᠢᠶᠠᠨ ᠠᠪᠬᠤ ᠪᠤᠶᠤ ᠠᠯᠪᠠᠨ ᠵᠠᠷ ᠢᠶᠠᠷ ᠬᠦᠴᠦᠨ ᠦᠭᠡᠢ ᠪᠣᠯᠭᠠᠬᠤ ᠬᠡᠷᠡᠭᠲᠡᠢ᠃    ᠠᠷᠪᠠᠳᠤᠭᠠᠷ ᠵᠦᠢᠯ    ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠳᠡᠪᠲᠡᠷ ᠪᠣᠯ ᠲᠠᠷᠢᠶᠠᠯᠠᠩ ᠤᠨ ᠪᠡᠯᠡᠳᠬᠡᠮᠵᠢ ᠶᠢᠨ ᠡᠷᠬᠡᠲᠦ ᠬᠥᠮᠥᠨ ᠤ ᠡᠷᠬᠡ ᠶᠢᠨ ᠬᠠᠷᠢᠶᠠᠯᠠᠯ ᠪᠠ ᠠᠭᠤᠯᠭ᠎ᠠ ᠶᠢᠨ ᠦᠨᠳᠦᠰᠦᠯᠡᠯ ᠮᠥᠨ᠂ ︽ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠦᠨᠡᠮᠯᠡᠯ︾ ᠳᠤ ᠲᠡᠮᠳᠡᠭᠯᠡᠭᠰᠡᠨ ᠠᠭᠤᠯᠭ᠎ᠠ ᠨᠢ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠳᠡᠪᠲᠡᠷ ᠲᠠᠢ ᠨᠢᠭᠡᠳᠦᠯᠲᠡᠢ ᠪᠠᠶᠢᠬᠤ ᠬᠡᠷᠡᠭᠲᠡᠢ᠂ ᠬᠤᠶᠠᠭᠤᠯᠠ ᠪᠠᠨ ᠨᠢᠭᠡᠳᠦᠯ ᠦᠭᠡᠢ ᠪᠠᠶᠢᠪᠠᠯ ᠲᠠᠷᠢᠶᠠᠯᠠᠩ ᠤᠨ  ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠳᠡᠪᠲᠡᠷ ᠢᠶᠠᠷ ᠪᠠᠷᠢᠮᠵᠢᠶ᠎ᠠ ᠪᠣᠯᠭᠠᠨ᠎ᠠ᠃ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠳᠡᠪᠲᠡᠷ ᠢ ᠬᠤᠰᠢᠭᠤ ᠰᠢᠶᠠᠨ ᠬᠤᠳᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠬᠠᠳᠠᠭᠠᠯᠠᠨ ᠬᠠᠮᠢᠶᠠᠷᠤᠨ᠎ᠠ᠃    ᠠᠷᠪᠠᠨ ᠨᠢᠭᠡᠳᠦᠭᠡᠷ ᠵᠦᠢᠯ    ᠲᠣᠰ ᠠᠷᠭ᠎ᠠ ᠶᠢ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠬᠤ ᠪᠠ ᠵᠠᠰᠠᠪᠤᠷᠢ ᠣᠷᠣᠭᠤᠯᠵᠤ᠂ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠵᠠᠰᠠᠪᠤᠷᠢ ᠣᠷᠣᠭᠤᠯᠬᠤ ᠪᠤᠶᠤ ᠦᠷᠭᠦᠯᠵᠢᠯᠡᠭᠦᠯᠦᠨ᠎ᠡ᠃     ᠠᠷᠪᠠᠨ ᠬᠤᠶᠠᠳᠤᠭᠠᠷ ᠵᠦᠢᠯ    ᠲᠣᠰ ᠠᠷᠭ᠎ᠠ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠨᠡᠶᠢᠲᠡᠯᠡᠵᠦ᠂ 2023 ᠣᠨ ᠤ 8 ᠰᠠᠷ᠎ᠠ ᠶᠢᠨ 22 ᠤᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2