ᠨᠡᠶᠢᠭᠡᠮ ᠨᠡᠶᠢᠳᠡ ᠠᠴᠠ ᠢᠯᠡ ᠪᠠᠷ ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 ︱ 2030 ᠣᠨ︶ ︵ᠰᠠᠨᠠᠯ ᠬᠤᠷᠢᠶᠠᠬᠤ ᠨᠣᠣᠷᠠᠭ︶︾ ᠳᠤ ᠰᠠᠨᠠᠯ ᠬᠤᠷᠢᠶᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/11/23
   ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠵᠦ᠂ ᠬᠦᠢᠳᠠᠨᠰᠢᠯᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ 2019 ᠣᠨ ᠤ 5 ᠳ᠋ᠤᠭᠠᠷ ᠰᠠᠷ᠎ᠠ ᠶᠢᠨ 31 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ ᠵᠥᠪᠰᠢᠶᠡᠷᠡᠨ ᠪᠠᠲᠤᠯᠠᠭᠰᠠᠨ ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠲᠠᠯ᠎ᠠ ᠨᠤᠲᠤᠭ ᠤᠨ ᠬᠠᠮᠠᠭᠠᠯᠠᠯᠲᠠ ᠶᠢᠨ ᠳᠦᠷᠢᠮ︾ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 ︱ 2030 ᠣᠨ︶ ︵ᠰᠠᠨᠠᠯ ᠬᠤᠷᠢᠶᠠᠬᠤ ᠨᠣᠣᠷᠠᠭ︶︾ ᠶᠢ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠨ᠎ᠠ᠃ ᠲᠣᠰ ᠤᠳᠠᠭ᠎ᠠ ᠶᠢᠨ ᠢᠯᠡ ᠪᠠᠷ ᠰᠠᠨᠠᠯ ᠬᠤᠷᠢᠶᠠᠬᠤ ᠴᠠᠭ ᠨᠢ᠄ 2023 ᠣᠨ ᠤ 11 ᠰᠠᠷ᠎ᠠ ᠶᠢᠨ 20 ᠤ ᠡᠳᠦᠷ ᠠᠴᠠ 2023 ᠣᠨ ᠤ 11 ᠰᠠᠷ᠎ᠠ ᠶᠢᠨ 26 ᠤ ᠡᠳᠦᠷ ︵5 ᠠᠵᠢᠯᠯᠠᠬᠤ ᠡᠳᠦᠷ︶᠂ ᠣᠯᠠᠨ ᠨᠡᠶᠢᠲᠡ ᠪᠠᠷ ᠢᠶᠠᠨ ᠳᠣᠣᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠬᠠᠷᠢᠭᠤ ᠲᠤᠰᠬᠠᠬᠤ ᠰᠠᠨᠠᠯ ᠢᠶᠠᠨ ᠳᠤᠷᠠᠳᠴᠤ ᠪᠣᠯᠣᠨ᠎ᠠ᠄     1. ᠢᠮᠧᠯ᠄ putcay163@163.com       2. ᠬᠠᠷᠢᠯᠴᠠᠬᠤ ᠬᠥᠮᠥᠨ᠄ ᠫᠠᠨ ᠬᠦᠸᠧ ᠳ᠋ᠦᠩ᠂ ᠬᠠᠷᠢᠯᠴᠠᠬᠤ ᠤᠲᠠᠰᠤ᠄ 0474-8250617     3. ᠵᠠᠬᠢᠳᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠳᠥᠷᠪᠡᠳ ᠪᠠᠷᠠᠭᠤᠨ ᠵᠡᠭᠡᠯᠢ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠤᠳᠠᠨ ᠳ᠋ᠤᠭᠠᠷ᠄ 012000᠃                          ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                          2023 ᠣᠨ ᠤ 11 ᠰᠠᠷ᠎ᠠ ᠶᠢᠨ 20 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2