ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/24
    11 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠤᠳᠤᠷᠢᠳᠬᠤ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠨᠡ ᠵᠢᠯ ᠤᠨ ᠪᠦᠬᠦ ᠬᠤᠲᠠ ᠶᠢᠨ ᠡᠯ᠎ᠡ ᠵᠦᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ᠂ ᠢᠷᠡᠬᠦ ᠵᠢᠯ ᠤᠨ ᠠᠵᠢᠯ ᠤᠨ ᠰᠡᠳᠬᠢᠴᠡ ᠪᠣᠯᠣᠨ ᠬᠤᠲᠠ ᠶᠢᠨ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠡᠭᠦᠷᠭᠡ ᠶᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠤᠯᠠᠭᠠᠨᠴᠠᠪ ᠬᠤᠲᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤ ᠶᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠨᠡ ᠵᠢᠯ ᠠᠴᠠ ᠨᠠᠰᠢ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠳᠤ ᠦᠷᠭᠦᠯᠵᠢᠯᠡᠨ ᠰᠠᠶᠢᠵᠢᠷᠠᠵᠤ᠂ ᠲᠤᠭ᠎ᠠ ᠬᠡᠮᠵᠢᠶ᠎ᠡ ᠶᠠᠰᠤ ᠴᠢᠨᠠᠷ ᠵᠡᠷᠭᠡᠪᠡᠷ ᠳᠡᠭᠡᠭᠰᠢᠯᠡᠬᠦ ᠪᠠᠶᠢᠳᠠᠯ ᠢᠯᠡᠷᠡᠵᠦ᠂ ᠭᠤᠷᠪᠠᠨ ᠠᠵᠤ ᠦᠢᠯᠡᠰ ᠬᠠᠮᠵᠢᠯᠴᠠᠨ ᠬᠥᠭᠵᠢᠵᠦ᠂ ᠴᠢᠬᠤᠯᠠ ᠶᠡᠭᠡ ᠲᠦᠷᠦᠯ ᠵᠦᠢᠯ ᠲᠦᠷᠭᠡᠨ ᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠦᠷᠭᠦᠯᠵᠢᠯᠡᠨ ᠴᠢᠩᠭᠠᠷᠠᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠵᠢᠯ ᠤᠨ ᠡᠴᠦᠰ ᠪᠣᠯᠲᠠᠯ᠎ᠠ ᠪᠠᠰᠠ ᠰᠠᠷ᠎ᠠ ᠭᠠᠷᠤᠢ ᠶᠢᠨ ᠬᠤᠭᠤᠴᠠᠭ᠎ᠠ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠣᠬᠢᠷᠠᠭᠤᠯᠭ᠎ᠠ ᠶᠢ ᠠᠳᠬᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠨᠡ ᠵᠢᠯ ᠤᠨ ᠠᠵᠢᠯ ᠢ ᠡᠮᠬᠢᠯᠡᠵᠦ ᠲᠠᠬᠢᠨ ᠪᠦᠷᠢᠳᠬᠡᠨ᠂ ᠨᠢᠭᠡᠨᠲᠡ ᠪᠡᠶᠡᠯᠡᠭᠦᠯᠦᠭᠰᠡᠨ ᠠᠵᠢᠯ ᠢᠶᠠᠨ ᠪᠦᠬᠦ ᠲᠠᠯ᠎ᠠ ᠪᠠᠷ ᠪᠠᠬᠢᠵᠢᠭᠦᠯᠵᠦ᠂ ᠶᠠᠭ ᠶᠠᠪᠤᠭᠳᠠᠵᠤ ᠪᠠᠶᠢᠭ᠎ᠠ ᠠᠵᠢᠯ ᠢᠶᠠᠨ ᠲᠦᠷᠭᠡᠨ ᠠᠬᠢᠭᠤᠯᠵᠤ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠠᠳᠬᠤᠵᠤ᠂ ︽ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠬᠦ᠂ ᠬᠤᠶᠠᠳᠤᠭᠠᠷ ᠠᠵᠤ ᠦᠢᠯᠡᠰ ᠢ ᠰᠢᠯᠢᠳᠡᠭᠵᠢᠭᠦᠯᠬᠦ᠂ ᠭᠤᠷᠪᠠᠳᠤᠭᠠᠷ ᠠᠵᠤ ᠦᠢᠯᠡᠰ ᠢ ᠠᠮᠢᠳᠤᠯᠢᠭ ᠪᠣᠯᠭᠠᠬᠤ︾ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠣᠷᠣᠯᠭ᠎ᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ 43 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠣᠨ ᠤᠯᠠᠭᠠᠨᠴᠠᠪ ᠬᠤᠲᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0 ᠬᠡᠪᠯᠡᠯ ᠳᠤ ᠲᠣᠭᠲᠠᠭᠠᠭᠰᠠᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠬᠦ ᠶᠢ ᠴᠢᠩᠭᠠᠳᠬᠠᠵᠤ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠶᠢ ᠠᠳᠬᠤᠵᠤ ᠂ ︽ᠬᠤᠶᠠᠷ ᠲᠣᠮᠣ ᠶᠠᠪᠤᠳᠠᠯ︾ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠲᠥᠯᠥᠪᠵᠢᠭᠦᠯᠬᠦ ᠬᠡᠷᠡᠭᠲᠡᠢ᠃ ︽ᠰᠠᠨᠠᠯ︾ ᠳᠠᠬᠢ ᠪᠣᠳᠠᠲᠠᠢ ᠲᠦᠷᠦ ᠶᠢᠨ ᠪᠣᠳᠣᠯᠭ᠎ᠠ ᠶᠢᠨ ᠠᠭᠤᠯᠭ᠎ᠠ ᠶᠢ ᠭᠦᠢᠴᠡᠳ ᠰᠠᠶᠢᠲᠤᠷ ᠠᠮᠢᠳᠤᠯᠢᠭ ᠬᠡᠷᠡᠭᠯᠡᠵᠦ᠂ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠬᠢᠵᠦ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2