ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠢ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/24
    11 ᠰᠠᠷ᠎ᠠ ᠶᠢᠨ 22 ᠤᠨ ᠦᠳᠡ ᠶᠢᠨ ᠬᠤᠶᠢᠨ᠎ᠠ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠳᠠ ᠶᠢᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ 6 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠱᠠᠨ ᠰᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠳᠦᠭᠡᠷ ᠠᠯᠪᠠᠨ ᠠᠰᠠᠷ ᠤᠨ ᠭᠠᠯ ᠠᠯᠳᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠪᠠ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠣᠶᠢᠷ᠎ᠠ ᠶᠢᠨ ᠬᠤᠭᠤᠴᠠᠭᠠᠨ ᠤ ᠭᠠᠯ ᠠᠯᠳᠠᠭᠰᠠᠨ ᠠᠳᠡᠯ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠲᠤᠬᠠᠢ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠢᠯ ᠤᠨ ᠡᠴᠦᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠠᠩᠬᠠᠷᠴᠤ᠂ ᠬᠤᠸᠠᠷ ᠫᠤᠤᠵᠢᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠨᠴᠠᠭᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠲᠤ ᠪᠠᠬᠢ ᠪᠥᠭᠡᠳ ᠨᠢᠭᠲᠠ ᠰᠦᠯᠵᠢᠬᠦ ᠬᠡᠷᠡᠭᠲᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠭᠤᠷᠪᠠᠨ ᠵᠦᠢᠯ ᠤᠨ ᠤᠷᠤᠯᠳᠤᠭᠠᠨ ᠢ ᠰᠠᠶᠢᠲᠤᠷ ᠪᠡᠯᠡᠳᠬᠡᠵᠦ᠂ ᠵᠠᠮ ᠬᠠᠷᠢᠯᠴᠠᠭ᠎ᠠ ᠶᠢ ᠰᠠᠭᠠᠳ ᠦᠭᠡᠢ ᠪᠠᠶᠢᠯᠭᠠᠬᠤ᠂ ᠭᠠᠯ ᠤᠨᠲᠠᠷᠠᠭᠠᠬᠤ ᠠᠮᠤᠷ ᠲᠦᠪᠰᠢᠨ ᠂ ᠢᠳᠡᠭᠡᠨ ᠤ ᠠᠮᠤᠷ ᠲᠦᠪᠰᠢᠨ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠵᠢᠯᠲᠠ ᠲᠠᠢ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2