ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/24
   11 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠰ ᠵᠢᠯ ᠤᠨ ᠪᠥᠬᠦ ᠬᠤᠲᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    ᠰᠦᠢ ᠸᠧᠢ ᠵᠢᠶᠦ᠋ᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠪᠦᠬᠦ ᠬᠤᠳᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ᠂ ᠴᠢᠩᠭ᠎ᠠ ᠠᠳᠬᠤᠨ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠬᠤ᠂ ᠪᠡᠶ᠎ᠡ ᠪᠠᠷ ᠢᠶᠠᠨ ᠬᠠᠮᠢᠶᠠᠷᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠦᠵᠡᠯ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠪᠠᠷᠢᠮᠵᠢᠶ᠎ᠠ ᠲᠠᠢ ᠬᠠᠷᠭᠤᠭᠤᠯᠤᠨ ᠬᠦᠰᠦᠨᠦᠭᠲᠦ ᠲᠠᠢ ᠬᠠᠷᠭᠤᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃     ᠴᠢᠶᠣᠤ ᠶᠦᠨ ᠯᠢ᠂ ᠯᠢ ᠶᠦᠩ᠂ ᠯᠢ ᠴᠧᠩ ᠭᠤᠸᠠᠩ᠂ ᠯᠢᠦ ᠭᠦᠸᠧ ᠭᠠᠩ ᠣᠷᠣᠯᠴᠠᠵᠠᠢ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2