ᠰᠦᠢ ᠸᠧᠢ ᠵᠢᠶᠦ᠋ᠨ ᠰᠢᠩ ᠾᠧ ᠰᠢᠶᠠᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/27
   11 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃    ᠰᠦᠢ ᠸᠧᠢ ᠵᠢᠶᠦ᠋ᠨ ᠲᠢᠶᠠᠨ ᠾᠧ ᠨᠡᠭᠦᠷᠡᠰᠦᠲᠥ᠋ᠷᠥᠭᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠢᠷᠡᠵᠦ᠂ ᠪᠠᠯ ᠴᠢᠯᠠᠭᠤᠨ ᠴᠠᠬᠢᠯᠭᠠᠨ ᠲᠤᠶᠢᠯ ᠤᠨ ᠪᠦᠬᠦ ᠠᠵᠢᠯ ᠤᠨ ᠳᠡᠰ ᠳᠠᠷᠠᠭ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ᠂ ᠠᠵᠤ ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠵᠠᠬ᠎ᠠ ᠳᠡᠯᠭᠡᠭᠦᠷ ᠤᠨ ᠲᠡᠷᠢᠭᠦᠨ ᠲᠣᠬᠢᠶᠠᠯ ᠢ ᠠᠮᠵᠢᠵᠤ᠂ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃    ᠰᠦᠢ ᠸᠧᠢ ᠵᠢᠶᠦ᠋ᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠢᠯᠢᠳᠡᠭ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠢᠶᠠᠨ ᠶᠠᠪᠤᠳᠠᠯ ᠢᠶᠠᠷ ᠦᠵᠡᠵᠦ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠠᠵᠢᠯ ᠤᠨ ᠳᠠᠷᠠᠭᠠᠯᠠᠯ ᠢᠶᠠᠷ ᠳᠠᠪᠲᠠᠨ ᠣᠷᠣᠯᠠᠭᠤᠯᠬᠤ᠂ ᠪᠦᠬᠦ ᠠᠵᠤ ᠦᠢᠯᠡᠰ ᠤᠨ ᠬᠡᠯᠬᠢᠶ᠎ᠡ᠂ ᠲᠣᠭᠠᠴᠢᠯᠠᠬᠤ ᠪᠠᠷ ᠴᠢᠳᠠᠪᠬᠢ ᠣᠯᠭᠤᠬᠤ᠂ ᠪᠣᠬᠢᠷᠲᠤᠯ ᠦᠭᠡᠢ ᠡᠨᠧᠷᠭᠢ ᠪᠠᠷ ᠣᠷᠣᠯᠠᠭᠤᠯᠬᠤ ︽ᠳᠦᠷᠪᠡᠨ ᠳᠡᠰ ᠳᠡᠪᠰᠢᠭᠦᠯᠬᠦ ᠠᠵᠢᠯᠯᠠᠭ᠎ᠠ︾ ᠶᠢ ᠶᠡᠬᠡᠪᠡᠷ ᠬᠡᠷᠡᠭᠵᠢᠭᠦᠯᠵᠦ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠥᠰᠥᠯ ᠢ ᠨᠠᠷᠢᠯᠢᠭᠵᠢᠭᠤᠯᠵᠤ᠂ ᠬᠠᠮᠢᠶᠠᠷᠤᠨ ᠡᠵᠡᠮᠳᠡᠬᠦ ᠠᠵᠢᠯ ᠤᠨ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2