ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠭᠤᠶᠤᠴᠢᠯᠠᠯ
ᠨᠡᠶᠢᠲᠡᠯᠡᠭᠰᠡᠨ ᠴᠠᠭ᠄
2023/11/27
    ᠦᠨᠳᠦᠰᠦᠨ ᠮᠡᠳᠡᠭᠡ ᠵᠠᠩᠭᠢ ᠵᠦᠢᠯ ᠤᠨ ᠨᠡᠷᠡᠶᠢᠳᠦᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠭᠤᠶᠤᠴᠢᠯᠠᠯ ᠦᠨᠳᠦᠰᠦᠨ ᠺᠣᠳ᠋᠄ 152033006000 ᠬᠡᠷᠡᠭᠵᠢᠭᠦᠯᠬᠦ ᠳ᠋ᠤᠭᠠᠷᠯᠠᠯ᠄ 11152600MB15225644315203006000 ᠬᠡᠷᠡᠭᠵᠢᠭᠦᠯᠬᠦ ᠪᠡᠶᠡᠴᠢ ᠴᠣᠭᠴᠠ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠡᠷᠡᠭᠵᠢᠭᠦᠯᠬᠦ ᠪᠡᠶᠡᠴᠢ ᠴᠣᠭᠴᠠ ᠶᠢᠨ ᠳ᠋ᠤᠭᠠᠷᠯᠠᠯ᠄ 11152600MB15225644 ᠬᠡᠷᠡᠭᠵᠢᠭᠦᠯᠬᠦ ᠪᠡᠶᠡᠴᠢ ᠴᠣᠭᠴᠠ ᠶᠢᠨ ᠰᠢᠨᠵᠢ ᠴᠢᠨᠠᠷ᠄ ᠬᠠᠤᠯᠢ ᠪᠠᠷ ᠲᠣᠭᠲᠠᠭᠠᠭᠰᠠᠨ ᠪᠠᠶᠢᠭᠤᠯᠭ᠎ᠠ ᠬᠠᠮᠲᠤᠷᠠᠨ ᠡᠷᠬᠢᠯᠡᠬᠦ ᠪᠠᠶᠢᠭᠤᠯᠤᠮᠵᠢ᠄ ᠦᠭᠡᠢ ᠵᠦᠢᠯ ᠤᠨ ᠲᠥᠷᠥᠯ᠄ ᠣᠯᠠᠨ ᠨᠡᠶᠢᠲᠡ ᠶᠢᠨ ᠦᠢᠯᠡᠴᠢᠯᠡᠭᠡ ᠭᠦᠢᠴᠡᠳᠬᠡᠬᠦ ᠵᠦᠢᠯ ᠤᠨ ᠲᠦᠷᠦᠯ ᠵᠦᠢᠯ᠄ ᠭᠦᠢᠴᠡᠳᠬᠡᠬᠦ ᠵᠦᠢᠯ ᠦᠢᠯᠡᠴᠢᠯᠡᠬᠦ ᠡᠲᠡᠭᠡᠳ᠄ ᠪᠠᠶᠢᠭᠠᠯᠢ ᠬᠥᠮᠥᠨ᠂ ᠪᠤᠰᠤᠳ ᠵᠣᠬᠢᠶᠠᠨ ᠪᠠᠶᠢᠭᠤᠯᠤᠯᠲᠠ ᠭᠦᠢᠴᠡᠳᠬᠡᠬᠦ ᠬᠡᠯᠪᠡᠷᠢ᠄ ᠴᠣᠩᠬᠤ ᠪᠠᠷ ᠭᠦᠢᠴᠡᠳᠬᠡᠬᠦ᠂ ᠰᠦᠯᠵᠢᠶ᠎ᠡ ᠪᠠᠷ ᠭᠦᠢᠴᠡᠳᠬᠡᠬᠦ ᠰᠦᠯᠵᠢᠶᠡᠨ ᠳᠡᠭᠡᠷ᠎ᠡ ᠬᠦᠢᠴᠡᠳᠭᠡᠬᠦ ᠡᠰᠡᠬᠦ᠄ ᠬᠦᠢᠴᠡᠳᠭᠡᠨ᠎ᠡ ᠰᠦᠢᠳᠬᠡᠯ ᠬᠤᠷᠢᠶᠠᠬᠤ ᠡᠰᠡᠬᠦ᠄ ᠬᠤᠷᠢᠶᠠᠬᠤ ᠦᠭᠡᠢ ᠰᠦᠯᠵᠢᠶ᠎ᠡ ᠪᠠᠷ ᠵᠣᠭᠤᠰ ᠥᠭᠬᠦ ᠶᠢ ᠳᠡᠮᠵᠢᠬᠦ ᠡᠰᠡᠬᠦ᠄ ᠳᠡᠮᠵᠢᠬᠦ ᠦᠭᠡᠢ ᠪᠠᠷᠠᠭ᠎ᠠ ᠭᠦᠢᠯᠭᠡᠭᠡ ᠶᠢᠨ ᠲᠦᠷᠭᠡᠨ ᠬᠦᠷᠭᠡᠯᠲᠡ ᠶᠢ ᠳᠡᠮᠵᠢᠬᠦ ᠡᠰᠡᠬᠦ᠄ ᠳᠡᠮᠵᠢᠨ᠎ᠡ ᠤᠷᠢᠳᠴᠢᠯᠠᠨ ᠪᠣᠯᠵᠣᠵᠤ ᠭᠦᠢᠴᠡᠳᠬᠡᠬᠦ ᠶᠢ ᠳᠡᠮᠵᠢᠬᠦ ᠡᠰᠡᠬᠦ᠄ ᠳᠡᠮᠵᠢᠨ᠎ᠡ ᠥᠪᠡᠷᠲᠡᠭᠡᠨ ᠦᠢᠯᠡᠴᠢᠯᠡᠬᠦ ᠦᠵᠦᠭᠦᠷ ᠤᠨ ᠭᠦᠢᠴᠡᠳᠬᠡᠯ ᠢ ᠳᠡᠮᠵᠢᠬᠦ ᠡᠰᠡᠬᠦ᠄ ᠳᠡᠮᠵᠢᠬᠦ ᠦᠭᠡᠢᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ ᠰᠠᠭᠤᠬᠤ ᠡᠰᠡᠬᠦ᠄ ᠤᠷᠤᠵᠤ ᠰᠠᠭᠤᠨ᠎ᠠᠵᠠᠭᠤᠴᠢᠯᠠᠬᠤ ᠦᠢᠯᠡᠴᠢᠯᠡᠭᠡ ᠪᠠᠶᠢᠬᠤ ᠡᠰᠡᠬᠦ᠄ ᠦᠭᠡᠢ ᠵᠦᠢᠯ ᠤᠨ ᠪᠠᠶᠢᠳᠠᠯ᠄ ᠨᠡᠶᠢᠲᠡᠯᠡᠨ᠎ᠡ ᠵᠦᠢᠯ ᠤᠨ ᠬᠡᠪᠯᠡᠯ᠄ 9 ᠲᠤᠭ᠎ᠠ ᠬᠡᠮᠵᠢᠶᠡᠨ ᠤ ᠬᠢᠵᠠᠭᠠᠷᠯᠠᠯ᠄ ᠦᠭᠡᠢ ᠨᠢᠭᠡᠳᠦᠯᠳᠡᠢ ᠬᠦᠢᠴᠡᠳᠭᠡᠬᠦ ᠬᠡᠪᠴᠢᠶ᠎ᠡ᠄ ᠦᠭᠡᠢ ᠰᠢᠯᠵᠢᠮᠡᠯ ᠦᠵᠦᠭᠦᠷ ᠤᠨ ᠵᠠᠯᠭᠠᠯᠲᠠ ᠶᠢᠨ ᠳᠠᠩ ᠴᠡᠭ ᠲᠤ ᠲᠡᠮᠳᠡᠭᠯᠡᠬᠦ ᠡᠰᠡᠬᠦ᠄ ᠳᠡᠮᠳᠡᠭᠯᠡᠭᠳᠡᠨ᠎ᠡ ᠺᠣᠮᠫᠢᠦ᠋ᠲ᠋ᠧᠷ ᠤᠨ ᠦᠵᠦᠭᠦᠷ ᠤᠨ ᠵᠠᠯᠭᠠᠯᠲᠠ ᠶᠢᠨ ᠳᠠᠩ ᠴᠡᠭ ᠲᠤ ᠲᠡᠮᠳᠡᠭᠯᠡᠬᠦ ᠡᠰᠡᠬᠦ᠄ ᠳᠡᠮᠳᠡᠭᠯᠡᠭᠳᠡᠨ᠎ᠡᠡᠷᠬᠡ ᠶᠢᠨ ᠢᠷᠡᠯᠲᠡ᠄ ᠦᠭᠡᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠲᠥᠷᠥᠯ ᠬᠡᠯᠪᠡᠷᠢ᠄ ᠦᠭᠡᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠨᠡᠷᠡᠶᠢᠳᠦᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠴᠣᠬᠤᠯᠠᠪᠤᠷᠢ ᠰᠦᠯᠵᠢᠶᠡᠨ ᠳᠡᠭᠡᠷ᠎ᠡ ᠭᠦᠢᠴᠡᠳᠬᠡᠬᠦ ᠭᠦᠨᠴᠡ᠄ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠨ᠎ᠡ ︵Ⅳ ᠲᠠᠰ︶ ᠬᠡᠷᠡᠭᠵᠢᠭᠦᠯᠬᠦ ᠲᠠᠰ ᠳᠠᠪᠬᠤᠷᠭ᠎ᠠ᠄ ᠠᠶᠢᠮᠠᠭ ᠬᠤᠲᠠ ᠶᠢᠨ ᠳᠡᠰ     ᠬᠦᠯᠢᠶᠡᠨ ᠰᠢᠢᠳᠪᠦᠷᠢᠯᠡᠬᠦ ᠨᠥᠬᠦᠴᠡᠯ   ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠳᠤ ᠬᠡᠷᠡᠭᠴᠡᠭᠡ ᠱᠠᠭᠠᠷᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠪᠦᠬᠦᠢ ᠪᠠᠶᠢᠭᠤᠯᠭ᠎ᠠ᠂ ᠪᠦᠯᠬᠦᠮ ᠨᠡᠶᠢᠲᠡ ᠪᠠ ᠠᠵᠤ ᠠᠬᠤᠶᠢᠯᠠᠯ᠂ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠵᠡᠷᠭᠡ᠃     ᠲᠤᠭᠳᠠᠭᠠᠭᠰᠠᠨ ᠦᠨᠳᠦᠰᠦᠯᠡᠯ  【ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ】︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠤᠨ ᠬᠤᠶᠠᠳᠤᠭᠠᠷ ᠵᠦᠢᠯ    ᠲᠤᠰ ᠳᠦᠷᠢᠮ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠡᠳᠡᠭ ᠨᠢ ᠠᠷᠠᠳ ᠢᠷᠭᠡᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠠᠷᠠᠳ ᠢᠷᠭᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠪᠠᠷ ᠵᠣᠷᠢᠯᠭ᠎ᠠ ᠪᠣᠯᠭᠠᠭᠰᠠᠨ ᠡᠯ᠎ᠡ ᠵᠦᠢᠯ ᠤᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠢᠭᠠᠵᠤ ᠪᠤᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠲᠤᠰ ᠳᠦᠷᠢᠮ ᠲᠣᠬᠢᠷᠠᠨ᠎ᠠ᠃   ᠬᠤᠷᠢᠨ ᠵᠢᠷᠭᠤᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠬᠢᠭᠡᠳ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠭᠡᠳ ᠤᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠡᠵᠡᠯᠡᠨ ᠠᠪᠬᠤ ᠪᠤᠶᠤ ᠣᠨᠳᠣᠣ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠬᠤᠲᠠ ᠬᠥᠳᠡᠭᠡ ᠶᠢᠨ ᠲᠥᠯᠦᠪᠵᠢᠭᠦᠯᠭᠡ ᠪᠣᠯᠣᠨ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠦᠪᠵᠢᠭᠦᠯᠭᠡ ᠳᠡᠭᠡᠨ ᠣᠷᠣᠭᠤᠯᠵᠤ᠂ ᠪᠡᠶ᠎ᠡ ᠶᠢᠨ ᠲᠠᠮᠢᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠵᠠᠷᠤᠯᠭ᠎ᠠ ᠶᠢᠨ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠨᠡᠷᠡᠰ ᠤᠨ ᠲᠡᠭᠦᠪᠦᠷᠢ ᠪᠣᠯᠣᠨ ᠴᠢᠯᠦᠭᠡᠲᠡᠢ ᠨᠡᠭᠡᠭᠡᠬᠦ ᠴᠠᠭ ᠵᠡᠷᠭᠡ ᠶᠢ ᠨᠡᠶᠢᠲᠡᠯᠡᠬᠦ ᠬᠡᠷᠡᠭᠲᠡᠢ᠃   ᠬᠤᠷᠢ ᠶᠢᠰᠦᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠥᠯᠦᠪᠵᠢᠭᠦᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠢᠭᠡᠨᠲᠡ ᠬᠢᠨᠠᠨ ᠵᠥᠪᠰᠢᠶᠡᠷᠡᠭᠰᠡᠨ ᠣᠷᠣᠨ ᠰᠠᠭᠤᠴᠠ ᠶᠢᠨ ᠲᠣᠭᠤᠷᠢᠭ ᠤᠨ ᠲᠦᠬᠦᠷᠵᠢᠬᠦᠯᠦᠭᠰᠡᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠳᠠᠯ ᠢᠶᠠᠨ ᠮᠡᠳᠡᠬᠦᠯᠬᠦ ᠬᠡᠷᠡᠭᠲᠡᠢ᠃ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠰᠠᠭᠤᠴᠠ ᠶᠢᠨ ᠲᠣᠭᠤᠷᠢᠭ ᠤᠨ ᠲᠥᠬᠦᠷᠵᠢᠭᠦᠯᠦᠭᠰᠡᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃   ᠭᠤᠴᠢᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠬᠤ ᠮᠠᠯᠵᠢᠬᠤ ᠣᠷᠣᠨ ᠪᠣᠯᠣᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠳᠬᠦᠬᠦ ᠬᠡᠷᠡᠭᠲᠡᠢ᠃ ᠰᠤᠮᠤ᠂ ᠰᠢᠶᠠᠩ ᠪᠠᠯᠭᠠᠰᠤ ᠵᠢᠴᠢ ᠭᠠᠴᠠᠭ᠎ᠠ ᠲᠣᠰᠬᠤᠨ ᠤ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠣᠯᠣᠨ ᠬᠠᠮᠢᠶ᠎ᠠ ᠪᠦᠬᠦᠢ ᠦᠨᠡᠯᠡᠯᠲᠡ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ  ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠰᠢᠨᠡᠳᠬᠡᠬᠦ ᠳᠤ ᠬᠡᠷᠡᠭᠰᠡᠬᠦ ᠵᠠᠷᠤᠳᠠᠯ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠭᠠᠷᠭᠠᠬᠤ ᠠᠴᠠ ᠭᠠᠳᠠᠨ᠎ᠠ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠳᠤ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠳᠡᠮᠵᠢᠬᠦ ᠬᠡᠷᠡᠭᠲᠡᠢ᠃   ᠭᠤᠴᠢᠨ ᠳᠥᠷᠪᠡᠳᠦᠭᠡᠷ ᠵᠦᠢᠯ    ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠠᠰᠢᠭᠯᠠᠨ ᠲᠣᠬᠢᠷᠠᠭᠤᠯᠤᠨ ᠪᠠᠶᠢᠭᠤᠯᠤᠭᠰᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠬᠦᠯᠢᠶᠡᠨ ᠠᠪᠤᠭᠰᠠᠨ ᠨᠢᠭᠡᠴᠢ ᠠᠴᠠ ᠡᠳᠦᠷ ᠲᠤᠲᠤᠮ ᠤᠨ ᠬᠠᠮᠢᠶᠠᠷᠤᠯᠲᠠ ᠪᠣᠯᠣᠨ ᠬᠠᠮᠠᠭᠠᠯᠠᠯᠲᠠ ᠶᠢ ᠬᠠᠷᠢᠭᠤᠴᠠᠵᠤ᠂ ᠲᠡᠭᠦᠨ  ᠢ ᠬᠡᠷᠡᠭᠯᠡᠬᠦ ᠶᠢᠨ ᠠᠶᠤᠯᠬᠦᠢ ᠶᠢᠨ ᠴᠢᠨᠠᠷ ᠪᠣᠯᠣᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠲᠤᠯᠠᠬᠤ ᠬᠡᠷᠡᠭᠲᠡᠢ᠃     ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ   ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃      ᠬᠦᠢᠴᠡᠳᠭᠡᠬᠦ ᠶᠠᠪᠤᠴᠠ   ︵ᠭᠤᠭᠴᠤᠭ᠎ᠠ᠂ ᠭᠦᠢᠴᠡᠳᠬᠡᠬᠦ ᠠᠵᠢᠯᠲᠠᠨ᠂ ᠭᠦᠢᠴᠡᠳᠬᠡᠬᠦ ᠴᠠᠭ ᠤᠨ ᠬᠢᠵᠠᠭᠠᠷ᠂ ᠣᠨᠴᠠᠭᠠᠢ ᠭᠤᠭᠴᠤᠭ᠎ᠠ ᠪᠠᠶᠢᠬᠤ ᠡᠰᠡᠬᠦ︶   ᠭᠤᠶᠤᠴᠢᠯᠠᠬᠤ᠄ ᠯᠢ ᠨᠠ᠂ ᠸᠠᠩ ᠰᠢᠩ ᠰᠢᠩ᠂ 15 ᠴᠠᠭ ᠤᠨ ᠳᠤᠳᠤᠷ᠎ᠠ᠂ ᠣᠨᠴᠠᠭᠠᠢ ᠭᠤᠭᠴᠤᠭ᠎ᠠ ᠦᠭᠡᠢ᠃        ᠬᠦᠢᠴᠡᠳᠭᠡᠬᠦ ᠭᠠᠵᠠᠷ   ᠭᠦᠢᠴᠡᠳᠬᠡᠬᠦ ᠭᠠᠵᠠᠷ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠵᠢᠯᠴᠢᠨ ᠲᠠᠷᠢᠶᠠᠴᠢᠨ ᠤ ᠡᠮᠦᠨ᠎ᠡ ᠵᠠᠮ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠴᠣᠩᠬᠤ᠃   ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 09᠄ 00 ︱ 12᠄ 00᠂ ᠦᠳᠡ ᠶᠢᠨ ᠬᠤᠶᠢᠨᠠᠬᠢ 14᠄ 30 ︱ 18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠭᠠᠳᠠᠨ᠎ᠠ︶᠃   ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ᠂ 21 ᠳ᠋ᠤᠭᠡᠷ᠂ 33 ᠳ᠋ᠤᠭᠠᠷ᠂ 36 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠥᠷᠲᠡᠭᠡᠨ ᠳᠤ ᠪᠠᠭᠤᠵᠤ ᠡᠮᠦᠨᠡᠰᠢ 200 ᠮᠧᠲᠷ ᠶᠠᠪᠤᠬᠤ ᠪᠤᠶᠤ 9 ᠳ᠋ᠤᠭᠡᠷ ᠵᠠᠮ᠂ 12 ᠳ᠋ᠤᠭᠠᠷ ᠵᠠᠮ᠂ 26 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠷᠠᠳᠢᠣ᠋ ᠲᠧᠯᠸᠢᠰ ᠤᠨ ᠲᠣᠮᠣ ᠠᠰᠠᠷ ᠤᠨ ᠥᠷᠲᠡᠭᠡᠨ ᠳᠤ ᠪᠠᠭᠤᠵᠤ ᠵᠡᠭᠦᠨᠰᠢ 500 ᠮᠧᠲᠷ ᠶᠠᠪᠤᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2