ᠤᠯᠠᠭᠠᠨᠴᠠᠪ ᠤᠨ 150 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠬᠡᠷᠡᠯ ᠸᠣᠯᠲ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2023/11/27
    ᠤᠯᠠᠭᠠᠨᠴᠠᠪ ᠤᠨ 150 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠬᠡᠷᠡᠯ ᠸᠣᠯᠲ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠭᠤᠣᠯ ᠪᠣᠯᠬᠤ ᠢᠨᠵᠧᠨᠧᠷᠢᠩ ᠨᠢ ᠰᠠᠯᠬᠢᠨ ᠬᠦᠴᠦᠨ ᠤ ᠮᠠᠰᠢᠨ ᠤ ᠰᠠᠭᠤᠷᠢ ᠴᠢᠳᠬᠤᠨ ᠪᠠᠶᠢᠭᠤᠯᠬᠤ᠂ ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠬᠤ᠂ 220kv ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ 500kv ᠴᠤᠭᠯᠠᠷᠠᠭᠤᠯᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠷᠪᠠᠨ ᠬᠡᠰᠡᠭ ᠪᠤᠯᠤᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠢ ᠪᠡᠯᠡ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠣᠯᠣᠨ᠎ᠠ᠂ 11 ᠰᠠᠷ᠎ᠠ ᠶᠢᠨ 26 ᠤ ᠡᠳᠦᠷ ᠪᠣᠯᠲᠠᠯ᠎ᠠ᠂ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠨᠢᠭᠡᠨᠲᠡ 29 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠥᠷᠥᠯ ᠵᠦᠢᠯ ᠤᠨ ᠰᠠᠯᠬᠢᠨ ᠬᠦᠴᠦᠨ ᠤ ᠮᠠᠰᠢᠨ ᠤ ᠰᠠᠭᠤᠷᠢ ᠴᠢᠳᠬᠤᠨ ᠪᠠᠶᠢᠭᠤᠯᠬᠤ ᠡᠭᠦᠷᠭᠡ ᠶᠢ ᠨᠡᠶᠢᠲᠡ 225 ᠰᠠᠭᠤᠷᠢ ᠪᠡᠶᠡᠯᠡᠭᠦᠯᠵᠦ᠂ 217 ᠰᠠᠭᠤᠷᠢ ᠨᠡᠭᠡᠭᠡᠨ ᠮᠠᠯᠲᠠᠵᠤ᠂ 213 ᠰᠠᠭᠤᠷᠢ ᠴᠢᠳᠬᠤᠨ ᠪᠠᠶᠢᠭᠤᠯᠵᠤ᠂ 94.6% ᠶᠢᠨ ᠡᠭᠦᠷᠭᠡ ᠶᠢ ᠪᠡᠶᠡᠯᠡᠭᠦᠯᠪᠡ︔ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ ᠡᠭᠦᠷᠭᠡ ᠨᠡᠶᠢᠲᠡ 225 ᠰᠠᠭᠤᠷᠢ ᠪᠠᠶᠢᠵᠤ᠂ ᠨᠢᠭᠡᠨᠲᠡ 91 ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ ᠡᠭᠦᠷᠭᠡ ᠶᠢ ᠪᠡᠶᠡᠯᠡᠭᠦᠯᠵᠦ᠂ 40.4% ᠶᠢᠨ ᠡᠭᠦᠷᠭᠡ ᠶᠢ ᠪᠡᠶᠡᠯᠡᠭᠦᠯᠵᠡᠢ᠃ 220kv ᠬᠦᠴᠦᠳᠡᠯ ᠳᠡᠭᠡᠭᠰᠢᠯᠡᠭᠦᠯᠬᠦ ᠦᠷᠳᠡᠭᠡ ᠵᠢᠴᠢ 500kv ᠴᠤᠭᠯᠠᠷᠠᠭᠤᠯᠬᠤ ᠦᠷᠳᠡᠭᠡ ᠶᠢᠨ ᠭᠤᠣᠯ ᠴᠣᠭᠴᠠ ᠶᠢ ᠨᠢᠭᠡᠨᠲᠡ ᠪᠦᠬᠦᠨ ᠢ ᠪᠠᠷᠢᠵᠤ ᠳᠠᠭᠤᠰᠬᠠᠭᠠᠳ᠂ ᠳᠣᠲᠣᠷ᠎ᠠ ᠭᠠᠳᠠᠨ᠎ᠠ ᠠᠴᠠ ᠨᠢ ᠴᠣᠬᠤᠶᠢᠳᠠᠬᠤ ᠵᠢᠴᠢ ᠲᠤᠨᠤᠭ ᠲᠥᠬᠦᠭᠡᠷᠦᠮᠵᠢ ᠤᠭᠰᠠᠷᠠᠬᠤ ᠵᠡᠷᠭᠡ ᠢᠨᠵᠧᠨᠧᠷᠢᠩ ᠢ ᠶᠠᠭ ᠬᠢᠵᠦ ᠪᠠᠶᠢᠨ᠎ᠠ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2