ᠪᠦᠬᠦ ᠬᠤᠳᠠ ᠶᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠬᠦᠷᠭᠡᠯᠡᠯ  ᠲᠠᠢ ᠰᠠᠶᠢᠨ ᠨᠠᠮ ᠤᠨ ᠡᠭᠦᠷ ᠤᠨ ᠱᠦᠵᠢ︾  ᠪᠠᠷ ᠨᠡᠷᠡᠶᠢᠳᠦᠭᠳᠡᠬᠦ ᠵᠢᠱᠢᠭᠳᠡᠭᠴᠢ ᠶᠢ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2023/11/28
  ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠦ ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠤᠯᠠᠮ ᠬᠦᠪᠴᠢᠯᠡᠵᠦ᠂ ᠤᠯᠤᠰ ᠲᠦᠷᠦ ᠶᠢᠨ ᠦᠵᠡᠯᠳᠡ ᠪᠠᠲᠤ ᠴᠢᠩᠭ᠎ᠠ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠲᠤᠭ᠎ᠠ ᠬᠡᠮᠵᠢᠶ᠎ᠡ ᠪᠠᠷ ᠭᠦᠢᠴᠡᠳ᠂ ᠬᠡᠪ ᠪᠣᠯᠪᠠᠰᠤᠷᠠᠯ ᠢᠶᠠᠷ ᠰᠢᠯᠢᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠶᠢᠨ ᠲᠥᠯᠥᠭᠡ᠂ ︽︿ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠬᠦᠷᠭᠡᠯᠡᠯ ᠲᠠᠢ ᠰᠠᠶᠢᠨ ᠨᠠᠮ ᠤᠨ ᠡᠭᠦᠷ ᠤᠨ ᠱᠦᠵᠢ﹀ ᠶᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︵ᠤᠯᠠᠭᠠᠨᠴᠠᠪ ᠤᠨ ᠨᠠᠮ ᠤᠨ ᠪᠠᠶᠢᠭᠤᠯᠤᠯᠲᠠ ᠠᠯᠪᠠᠨ ᠲᠠᠷᠬᠠᠭᠠᠭᠰᠠᠨ ︿2023﹀4 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠨᠠᠮ ᠤᠨ ᠬᠤᠷᠢᠶ᠎ᠠ ᠠᠴᠠ ᠪᠦᠬᠦ ᠬᠤᠳᠠ ᠶᠢᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷ᠎ᠠ ᠠᠴᠠ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠬᠦᠷᠭᠡᠯᠡᠯ ᠲᠠᠢ ᠰᠠᠶᠢᠨ ᠨᠠᠮ ᠤᠨ ᠡᠭᠦᠷ ᠤᠨ ᠱᠦᠵᠢ︾  ᠪᠠᠷ100 ᠬᠥᠮᠥᠨ ᠢ ᠨᠡᠷᠡᠶᠢᠳᠬᠦ ᠪᠠᠷ ᠲᠣᠭᠲᠠᠪᠠ᠃ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠡᠳᠦᠭᠡ ᠨᠡᠷᠡᠶᠢᠳᠬᠦ ᠪᠠᠷ ᠪᠠᠶᠢᠭ᠎ᠠ ᠵᠢᠱᠢᠭᠳᠡᠭᠴᠢ ᠶᠢ ᠢᠯᠡ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠴᠠᠭ ᠨᠢ 2023 ᠣᠨ ᠤ 11 ᠰᠠᠷ᠎ᠠ ᠶᠢᠨ 27 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠲᠠᠯ᠎ᠠ᠃ ᠲᠣᠰ ᠬᠤᠭᠤᠴᠠᠭᠠᠨ ᠳᠤ᠂ ᠨᠡᠷᠡᠶᠢᠳᠬᠦ ᠪᠠᠷ ᠪᠠᠶᠢᠭ᠎ᠠ ᠡᠲᠡᠭᠡᠳ ᠲᠤ ᠣᠨᠳᠣᠣ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠲᠤᠰᠬᠠᠵᠤ ᠪᠤᠯᠤᠨ᠎ᠠ᠃ ᠲᠤᠰᠬᠠᠬᠤ ᠬᠡᠯᠪᠡᠷᠢ ᠨᠢ ᠳ᠋ᠢᠶᠠᠩᠬᠤᠸᠠ᠂ ᠵᠠᠬᠢᠳᠠᠯ᠂ ᠢᠮᠧᠯ ᠵᠡᠷᠭᠡ ᠪᠣᠯᠣᠨ᠎ᠠ᠂ ᠬᠤᠪᠢ ᠬᠥᠮᠥᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠮᠠᠲ᠋ᠧᠷᠢᠶᠠᠯ ᠳᠤ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠳᠠᠰᠤ ᠶᠢ ᠬᠠᠩᠭᠠᠬᠤ ᠬᠡᠷᠡᠭᠲᠡᠢ᠃   ᠵᠠᠷᠯᠠᠨ ᠨᠡᠶᠢᠲᠡᠯᠡᠬᠦ ᠤᠲᠠᠰᠤ᠄ 0474-8320017᠂ 0474-12380   ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 14᠄ 30 ︱ 18᠄ 00   ᠵᠠᠬᠢᠳᠠᠯ ᠨᠡᠪᠲᠡᠷᠡᠬᠦ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ 18 ᠳ᠋ᠤᠭᠠᠷ ᠨᠣᠮᠧᠷᠲᠤ ᠨᠠᠮ ᠵᠠᠰᠠᠭ ᠤᠨ ᠲᠣᠮᠣ ᠠᠰᠠᠷ ᠤᠨ 901᠂ 916 ᠠᠯᠪᠠᠨ ᠭᠡᠷ   ᠰᠢᠤᠳᠠᠨ ᠳ᠋ᠤᠭᠠᠷ᠄ 012000                                                     ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                             2023 ᠣᠨ ᠤ 11 ᠰᠠᠷ᠎ᠠ ᠶᠢᠨ 27
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2