ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/28
   11 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠭᠰᠠᠨ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠱᠠᠨ ᠰᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠨ ᠠᠯᠪᠠᠨ ᠠᠰᠠᠷ ᠤᠨ ᠭᠠᠯ ᠠᠯᠳᠠᠭᠰᠠᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠬᠤᠲᠠ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠰᠥᠪᠯᠡᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠠᠳᠬᠤᠵᠤ᠂ ᠠᠯᠢ ᠲᠦᠷᠭᠡᠨ ᠢᠶᠠᠷ ᠦᠨᠡᠨ ᠪᠣᠳᠠᠲᠠᠢ ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠠᠳᠬᠤᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠬᠡᠷᠡᠭᠵᠢᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠳᠦᠷᠢᠮ ᠤᠨ ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ᠂ ᠮᠠᠨ ᠤ ᠬᠤᠲᠠ ᠶᠢᠨ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2