ᠯᠢᠶᠡᠩᠴᠧᠩ ᠰᠢᠶᠠᠨ ᠭᠠᠶᠢᠯᠢ ᠬᠦᠢᠴᠡᠳᠭᠡᠯ ᠳᠤ ᠠᠷᠠᠳ ᠲᠤ ᠳᠦᠬᠦᠮ ᠦᠵᠡᠬᠦᠯᠵᠤ ᠦᠢᠯᠡᠴᠢᠯᠡᠭᠡ ᠶᠢ ᠰᠢᠯᠢᠳᠡᠭᠵᠢᠬᠦᠯᠵᠤ ᠠᠷᠠᠳ ᠪᠠ ᠠᠵᠤ ᠠᠬᠤᠶᠢᠯᠠᠯ ᠳᠤ ᠠᠰᠢᠭ ᠬᠦᠷᠲᠡᠭᠡᠵᠦ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/11/28
    ᠡᠨᠡ ᠵᠢᠯ ᠠᠴᠠ ᠨᠠᠰᠢ᠂ ᠯᠢᠶᠡᠩᠴᠧᠩ ᠰᠢᠶᠠᠨ ᠤ ᠬᠢᠨ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠳᠤ ᠪᠣᠳᠠᠲᠠᠢ ᠠᠵᠢᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠪᠣᠳᠠᠲᠠᠢ ᠳᠤ ᠨᠠᠶᠢᠳᠠᠪᠤᠷᠢᠵᠢᠭᠤᠯᠵᠠᠢ᠃ ᠭᠠᠶᠢᠯᠢ ᠰᠦᠢᠳᠬᠡᠯ ᠤᠨ ᠮᠠᠷᠭᠤᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠵᠦ᠂ ᠭᠠᠶᠢᠯᠢ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠯᠢᠶᠡᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠢᠯ ᠲᠥᠷᠥᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠵᠦ᠂ ᠲᠥᠷᠥᠯ ᠬᠤᠪᠢᠶᠠᠨ ᠰᠦᠯᠵᠢᠶᠡᠨ ᠳᠡᠭᠡᠷ᠎ᠡ ᠭᠠᠶᠢᠯᠢ ᠪᠠ ᠠᠵᠤ ᠠᠬᠤᠶᠢᠯᠠᠯ ᠤᠨ ᠬᠠᠷᠢᠯᠴᠠᠨ ᠦᠢᠯᠡᠳᠦᠯᠴᠡᠬᠦ ᠲᠠᠪᠴᠠᠩ ᠢ ᠠᠰᠢᠭᠯᠠᠨ ᠭᠠᠶᠢᠯᠢ ᠲᠤᠰᠢᠶᠠᠭᠴᠢ ᠳᠤ 7964 ᠵᠤᠷᠪᠤᠰ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠭᠡᠨ ᠥᠭᠴᠦ᠂ 1073 ᠤᠳᠠᠭ᠎ᠠ ᠣᠶᠤᠨᠴᠢ ᠪᠠᠷ ᠬᠠᠷᠢᠯᠴᠠᠨ ᠦᠢᠯᠡᠳᠦᠯᠴᠡᠪᠡ᠃ ᠰᠦᠯᠵᠢᠶᠡᠨ ᠭᠠᠳᠠᠨ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ ︽ᠴᠡᠭ ᠠᠴᠠ ᠴᠡᠭ ᠲᠡᠭᠡᠨ ᠬᠦᠷᠬᠦ︾᠂ ︽ᠨᠢᠭᠤᠷᠲᠠᠨ ᠬᠠᠨᠳᠤᠬᠤ︾ ᠠᠷᠭ᠎ᠠ ᠪᠠᠷ ᠬᠠᠮᠢᠶ᠎ᠠ ᠪᠦᠬᠦᠢ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠭᠠᠶᠢᠯᠢ ᠲᠠᠲᠠᠪᠤᠷᠢ ᠶᠢᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ ᠭᠠᠶᠢᠯᠢ ᠰᠦᠢᠳᠬᠡᠯ ᠤᠨ ᠴᠡᠪᠡᠷ ᠠᠰᠢᠭ ᠢ ᠭᠦᠢᠴᠡᠳ ᠡᠳ᠋ᠯᠡᠬᠦ ᠳᠤᠨᠢ ᠬᠠᠪᠰᠤᠷᠤᠯᠭ᠎ᠠ ᠦᠵᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠮᠵᠢᠯᠴᠠᠨ ᠬᠠᠮᠲᠤ ᠪᠠᠷ ᠲᠤᠰᠠᠯᠠᠬᠤ ᠶᠢ ᠪᠡᠶᠡᠯᠡᠭᠦᠯᠪᠡ᠃ ᠡᠭᠦᠨ ᠤ ᠬᠠᠮᠲᠤ ᠪᠠᠰᠠ ︽ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠦᠭᠡᠢ︾ ᠴᠠᠭ ᠢ ᠤᠷᠲᠤᠳᠬᠠᠬᠤ ᠦᠢᠯᠡᠴᠢᠯᠡᠭᠡ ᠪᠠ ᠯᠢᠶᠡᠩᠴᠧᠩ ᠬᠤᠲᠠ ᠶᠢᠨ ᠭᠠᠶᠢᠯᠢ ᠶᠢᠨ ᠬᠦᠷᠭᠡᠯᠲᠡ ᠶᠢ ᠰᠦᠢᠳᠬᠡᠯ ᠬᠤᠷᠢᠶᠠᠬᠤ ᠦᠭᠡᠢ ᠪᠠᠷ ᠢᠯᠡᠭᠡᠵᠦ᠂ ᠭᠠᠶᠢᠯᠢ ᠲᠤᠰᠢᠶᠠᠭᠴᠢ ᠶᠢᠨ ︽ᠠᠵᠢᠯ ᠳᠤ ᠭᠠᠷᠬᠤ ᠳᠤ ᠭᠦᠢᠴᠡᠳᠬᠡᠬᠦ ᠴᠢᠯᠦᠭᠡ ᠦᠭᠡᠢ᠂ ᠠᠵᠢᠯ ᠠᠴᠠ ᠪᠠᠭᠤᠬᠤ ᠳᠤ ᠭᠦᠢᠴᠡᠳᠬᠡᠬᠦ ᠭᠠᠵᠠᠷ ᠦᠭᠡᠢ︾ ᠪᠠᠶᠢᠬᠤ ᠬᠦᠴᠢᠷᠳᠡᠯ ᠢ ᠦᠨᠡᠨᠬᠦ ᠰᠢᠢᠳᠪᠦᠷᠢᠯᠡᠪᠡ᠃ 11 ᠰᠠᠷ᠎ᠠ ᠶᠢᠨ 26 ᠤ ᠡᠳᠦᠷ ᠪᠣᠯᠲᠠᠯ᠎ᠠ᠂ ᠴᠠᠭ ᠢ ᠤᠷᠲᠤᠳᠬᠠᠭᠰᠠᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠨᠡᠶᠢᠲᠡ 23 ᠭᠦᠢᠴᠡᠳᠬᠡᠵᠦ᠂ ᠯᠢᠶᠡᠩᠴᠧᠩ ᠤᠨ ᠭᠠᠶᠢᠯᠢ ᠶᠢᠨ ᠬᠦᠷᠭᠡᠯᠲᠡ ᠪᠠᠷ ᠳᠠᠮᠵᠢᠭᠤᠯᠤᠨ 16 ᠲᠤᠬᠠᠶᠢᠯᠠᠭᠰᠠᠨ ᠠᠵᠢᠯ ᠢ ᠭᠦᠢᠴᠡᠳᠬᠡᠵᠡᠢ᠃                                ᠤᠷᠴᠢᠭᠤᠯᠤᠭᠴᠢ᠄ ᠬᠦᠰᠡᠯ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2