| 2023 ᠣᠨ ᠳᠤ᠂ ᠵᠢᠨᠢᠩ ᠲᠣᠭᠤᠷᠢᠭ ᠤᠨ ᠬᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ | ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠴᠢᠩᠭᠠᠷᠠᠭᠤᠯᠵᠤ᠂ | ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ | ᠬᠡᠷᠡᠭᠵᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠶᠡᠭᠡ ᠪᠠᠷ ᠠᠬᠢᠭᠤᠯᠤᠨ᠂ ᠵᠢᠨᠢᠩ | ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ | ᠃ | 11 ᠰᠠᠷ᠎ᠠ ᠶᠢᠨ ᠳᠤᠮᠳᠠᠴᠢ ᠪᠣᠯᠲᠠᠯ᠎ᠠ᠂ ᠬᠤᠲᠠ ᠪᠠᠯᠭᠠᠰᠤᠨ ᠳᠤ 2450 ᠬᠥᠮᠥᠨ ᠰᠢᠨ᠎ᠡ ᠪᠠᠷ ᠠᠵᠢᠯ | ᠣᠯᠵᠤ᠂ ᠪᠥᠬᠦ ᠵᠢᠯ ᠤᠨ ᠡᠭᠦᠷᠭᠡ ᠪᠠᠨ 2700 ᠬᠥᠮᠥᠨ ᠤ 90.8% ᠶᠢ ᠪᠡᠶᠡᠯᠡᠭᠦᠯᠵᠦ᠂ ᠬᠤᠲᠠ ᠪᠠᠯᠭᠠᠰᠤᠨ ᠤ | ᠠᠵᠢᠯ ᠠᠯᠳᠠᠭᠰᠠᠳ ᠲᠤ 1918 ᠬᠥᠮᠥᠨ ᠳᠠᠬᠢᠨ ᠠᠵᠢᠯ ᠣᠯᠭᠤᠵᠤ᠂ ᠪᠥᠬᠦ ᠵᠢᠯ ᠳᠤ 1080 ᠬᠥᠮᠥᠨ ᠤ | ᠡᠭᠦᠷᠭᠡ ᠪᠠᠨ 177.6% ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 955 ᠬᠥᠮᠥᠨ ᠳᠤ ᠠᠵᠢᠯ | ᠣᠯᠭᠤᠵᠤ᠂ ᠪᠥᠬᠦ ᠵᠢᠯ ᠳᠤ 1120 ᠬᠥᠮᠥᠨ ᠤ ᠡᠭᠦᠷᠭᠡ ᠪᠠᠨ 85.3% ᠶᠢ ᠪᠡᠶᠡᠯᠡᠭᠦᠯᠵᠦ᠂ ᠬᠥᠳᠡᠭᠡ | ᠲᠣᠰᠬᠤᠨ ᠤ 16158 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠪᠥᠬᠦ ᠵᠢᠯ ᠳᠤ | 13950 ᠬᠥᠮᠥᠨ ᠤ ᠡᠭᠦᠷᠭᠡ ᠪᠠᠨ 116% ᠶᠢ ᠪᠡᠶᠡᠯᠡᠭᠦᠯᠵᠡᠢ᠃ ᠨᠢᠭᠡ ᠴᠦ ᠠᠵᠢᠯ ᠣᠯᠣᠭᠰᠠᠨ ᠦᠭᠡᠢ ᠭᠡᠷ | ᠪᠦᠯᠢ ᠶᠢᠨ ᠬᠥᠳᠡᠯᠦᠩᠬᠦᠢ ᠪᠠᠶᠢᠳᠠᠯ ᠢ ᠨᠢᠭᠡ ᠴᠦ ᠦᠭᠡᠢ ᠪᠣᠯᠭᠠᠬᠤ ᠬᠠᠷᠠᠯᠲᠠ ᠶᠢ ᠪᠡᠶᠡᠯᠡᠭᠦᠯᠪᠡ᠃ |