ᠵᠢᠨᠢᠩ ᠲᠣᠭᠤᠷᠢᠭ ᠤᠨ ᠠᠵᠢᠯ ᠣᠯᠭᠤᠵᠤ ᠦᠢᠯᠡᠰ ᠪᠤᠰᠬᠠᠬᠤ ᠠᠵᠢᠯ ᠵᠢᠱᠢᠭᠰᠡᠨ ᠬᠠᠷᠠᠯᠲᠠ ᠳᠤ ᠪᠠᠨ ᠬᠦᠷᠪᠡ
ᠨᠡᠶᠢᠲᠡᠯᠡᠭᠰᠡᠨ ᠴᠠᠭ᠄
2023/11/29
    2023 ᠣᠨ ᠳᠤ᠂ ᠵᠢᠨᠢᠩ ᠲᠣᠭᠤᠷᠢᠭ ᠤᠨ ᠬᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠬᠡᠷᠡᠭᠵᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠶᠡᠭᠡ ᠪᠠᠷ ᠠᠬᠢᠭᠤᠯᠤᠨ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ     11 ᠰᠠᠷ᠎ᠠ ᠶᠢᠨ ᠳᠤᠮᠳᠠᠴᠢ ᠪᠣᠯᠲᠠᠯ᠎ᠠ᠂ ᠬᠤᠲᠠ ᠪᠠᠯᠭᠠᠰᠤᠨ ᠳᠤ 2450 ᠬᠥᠮᠥᠨ ᠰᠢᠨ᠎ᠡ ᠪᠠᠷ ᠠᠵᠢᠯ ᠣᠯᠵᠤ᠂ ᠪᠥᠬᠦ ᠵᠢᠯ ᠤᠨ ᠡᠭᠦᠷᠭᠡ ᠪᠠᠨ 2700 ᠬᠥᠮᠥᠨ ᠤ 90.8% ᠶᠢ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠲᠤ 1918 ᠬᠥᠮᠥᠨ ᠳᠠᠬᠢᠨ ᠠᠵᠢᠯ ᠣᠯᠭᠤᠵᠤ᠂ ᠪᠥᠬᠦ ᠵᠢᠯ ᠳᠤ 1080 ᠬᠥᠮᠥᠨ ᠤ ᠡᠭᠦᠷᠭᠡ ᠪᠠᠨ 177.6% ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 955 ᠬᠥᠮᠥᠨ ᠳᠤ ᠠᠵᠢᠯ ᠣᠯᠭᠤᠵᠤ᠂ ᠪᠥᠬᠦ ᠵᠢᠯ ᠳᠤ 1120 ᠬᠥᠮᠥᠨ ᠤ ᠡᠭᠦᠷᠭᠡ ᠪᠠᠨ 85.3% ᠶᠢ ᠪᠡᠶᠡᠯᠡᠭᠦᠯᠵᠦ᠂ ᠬᠥᠳᠡᠭᠡ ᠲᠣᠰᠬᠤᠨ ᠤ 16158 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠪᠥᠬᠦ ᠵᠢᠯ ᠳᠤ 13950 ᠬᠥᠮᠥᠨ ᠤ ᠡᠭᠦᠷᠭᠡ ᠪᠠᠨ 116% ᠶᠢ ᠪᠡᠶᠡᠯᠡᠭᠦᠯᠵᠡᠢ᠃ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠬᠥᠳᠡᠯᠦᠩᠬᠦᠢ ᠪᠠᠶᠢᠳᠠᠯ ᠢ ᠨᠢᠭᠡ ᠴᠦ ᠦᠭᠡᠢ ᠪᠣᠯᠭᠠᠬᠤ ᠬᠠᠷᠠᠯᠲᠠ ᠶᠢ ᠪᠡᠶᠡᠯᠡᠭᠦᠯᠪᠡ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2