︽ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/29
ᠨᠢᠭᠡ᠂ ᠲᠣᠭᠲᠠᠭᠠᠭᠰᠠᠨ ᠠᠬᠤᠢ ᠪᠠᠶᠢᠳᠠᠯ   ᠲᠠᠮᠠᠬᠢ ᠲᠠᠲᠠᠬᠤ ᠶᠢᠨ ᠬᠤᠣᠷ ᠬᠥᠨᠥᠭᠡᠯ ᠢ ᠬᠢᠵᠠᠭᠠᠷᠯᠠᠬᠤ ᠪᠠ ᠪᠠᠭᠠᠰᠬᠠᠵᠦ᠂ ᠠᠷᠠᠳ ᠢᠷᠭᠡᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠵᠤ᠂ ᠣᠯᠠᠨ ᠨᠡᠶᠢᠲᠡ ᠶᠢᠨ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ᠂ ᠬᠤᠲᠠ ᠶᠢᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ  ᠶᠢᠨ ᠲᠦᠯᠦᠭᠡ᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠬᠤ ᠲᠣᠭᠲᠠᠭᠠᠯ︾ ︽ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ︽ᠡᠷᠡᠭᠦᠯ ᠡᠩᠬᠡ ᠤᠯᠠᠭᠠᠨᠴᠠᠪ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠥᠯ︾ ︽ᠡᠷᠡᠭᠦᠯ ᠡᠩᠬᠡ ᠤᠯᠠᠭᠠᠨᠴᠠᠪ ᠤᠨ ᠠᠵᠢᠯᠯᠠᠭ᠎ᠠ ︵2021 ︱ 2030︶︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ ᠬᠤᠶᠠᠷ᠂ ᠬᠡᠷᠡᠭᠯᠡᠬᠦ ᠬᠡᠪᠴᠢᠶ᠎ᠡ   ᠲᠣᠰ ᠠᠷᠭ᠎ᠠ ᠶᠢ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠣᠯᠠᠨ ᠨᠡᠶᠢᠲᠡ ᠶᠢᠨ ᠲᠠᠯᠠᠪᠤᠷ  ᠲᠤ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ ᠬᠡᠷᠡᠭᠯᠡᠨ᠎ᠡ᠃ ᠭᠤᠷᠪᠠ᠂ ᠭᠤᠣᠯ ᠠᠭᠤᠯᠭ᠎ᠠ   ︽ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ︾ ᠳᠤ ᠶᠡᠷᠦᠩᠬᠡᠢ ᠳᠦᠷᠢᠮ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠲᠣᠭᠲᠠᠭᠠᠯ ᠤᠨ ᠠᠭᠤᠯᠭ᠎ᠠ᠂ ᠤᠬᠠᠭᠤᠯᠭ᠎ᠠ ᠬᠥᠮᠦᠵᠢᠯ᠂ ᠬᠠᠤᠯᠢ ᠶᠢᠨ ᠬᠠᠷᠢᠭᠤᠴᠠᠯᠭ᠎ᠠ ᠵᠡᠷᠭᠡ ᠬᠤᠷᠢᠨ ᠬᠤᠶᠠᠷ ᠵᠦᠢᠯ ᠪᠠᠭᠳᠠᠨ᠎ᠠ᠃   ︵ᠨᠢᠭᠡ︶ ᠶᠡᠷᠦᠩᠬᠡᠢ ᠳᠦᠷᠢᠮ ᠤᠨ ᠬᠡᠰᠡᠭ ᠲᠤ᠂ ︽ᠠᠷᠭ᠎ᠠ︾ ᠲᠣᠭᠲᠠᠭᠠᠬᠤ ᠦᠨᠳᠦᠰᠦᠯᠡᠯ ᠵᠢᠴᠢ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠠᠵᠢᠯ ᠤᠨ ᠱᠠᠭᠠᠷᠳᠠᠯᠭ᠎ᠠ ᠶᠢ ᠳᠤᠳᠤᠷᠬᠠᠶᠢᠯᠠᠨ᠎ᠠ᠃   ︵ᠬᠤᠶᠠᠷ︶ ᠰᠠᠯᠠᠭ᠎ᠠ ᠮᠥᠴᠢᠷ ᠤᠨ ᠡᠬᠦᠷᠭᠡ ᠬᠠᠷᠢᠭᠤᠴᠠᠯᠭ᠎ᠠ ᠶᠢᠨ ᠬᠡᠰᠡᠭ ᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠤᠨ ᠳᠤᠮᠳᠠᠬᠢ ᠭᠤᠣᠯ ᠲᠤᠰᠢᠶᠠᠯ ᠬᠠᠷᠢᠭᠤᠴᠠᠯᠭ᠎ᠠ  ᠶᠢ ᠳᠤᠳᠤᠷᠬᠠᠶᠢᠯᠠᠨ᠎ᠠ᠃ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ︵ᠭᠤᠷᠪᠠ︶ ᠲᠣᠭᠲᠠᠭᠠᠯ ᠤᠨ ᠠᠭᠤᠯᠭ᠎ᠠ ᠶᠢᠨ ᠬᠡᠰᠡᠭ ᠲᠤ᠂ ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠴᠠᠭᠠᠵᠠᠯᠠᠬᠤ ᠣᠷᠣᠨ᠂ ᠲᠠᠮᠠᠬᠢ ᠲᠠᠲᠠᠬᠤ ᠶᠢ ᠬᠢᠵᠠᠭᠠᠷᠯᠠᠬᠤ ᠲᠠᠯᠠᠪᠤᠷ ᠲᠠᠬᠢ ᠲᠠᠮᠠᠬᠢ ᠲᠠᠲᠠᠬᠤ ᠶᠢ ᠲᠣᠭᠲᠠᠪᠤᠷᠢᠵᠢᠭᠤᠯᠬᠤ ᠣᠷᠣᠨ ᠪᠠᠶᠢᠭᠤᠯᠬᠤ ᠱᠠᠭᠠᠷᠳᠠᠯᠭ᠎ᠠ᠂ ᠲᠠᠮᠠᠬᠢ ᠲᠠᠲᠠᠬᠤ ᠶᠢ ᠴᠠᠭᠠᠵᠠᠯᠠᠬᠤ ᠨᠢᠭᠡᠴᠢ ᠶᠢᠨ ᠡᠭᠦᠷᠭᠡ᠂ ᠲᠠᠮᠠᠬᠢᠨ ᠪᠦᠲᠦᠭᠡᠭᠳᠡᠬᠦᠨ ᠢ ᠪᠣᠷᠣᠯᠠᠭᠤᠯᠬᠤ ᠨᠢᠭᠡᠴᠢ ᠶᠢᠨ ᠡᠭᠦᠷᠭᠡ ᠶᠢᠨ ᠲᠤᠬᠠᠢ ᠲᠣᠳᠣᠷᠬᠠᠢ ᠲᠣᠭᠲᠠᠭᠠᠯ ᠭᠠᠷᠭᠠᠵᠠᠢ᠃   ︵ᠳᠥᠷᠪᠡ︶ ᠤᠬᠠᠭᠤᠯᠭ᠎ᠠ ᠬᠥᠮᠦᠵᠢᠯ ᠤᠨ ᠬᠡᠰᠡᠭ ᠲᠤ᠂ ᠡᠯ᠎ᠡ ᠵᠦᠢᠯ ᠤᠨ ᠬᠡᠯᠪᠡᠷᠢ ᠶᠢᠨ ᠲᠠᠮᠠᠬᠢᠨ ᠤ ᠵᠠᠷ ᠲᠤ ᠴᠢᠩᠭ᠎ᠠ ᠴᠣᠬᠢᠯᠲᠠ ᠥᠭᠴᠦ᠂ ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠶᠢ ᠢᠳᠡᠪᠬᠢᠲᠡᠢ ᠥᠷᠨᠢᠭᠦᠯᠬᠦ ᠶᠢ ᠱᠠᠭᠠᠷᠳᠠᠨ᠎ᠠ᠃ ᠨᠥᠬᠦᠴᠡᠯ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠠᠮᠠᠬᠢ ᠲᠠᠲᠠᠬᠤ ᠪᠠᠨ ᠵᠣᠭᠰᠣᠬᠤ ᠡᠭᠦᠳᠡᠨ ᠡᠮᠨᠡᠯᠭᠡ ᠪᠠᠶᠢᠭᠤᠯᠵᠦ ᠂ ᠲᠠᠮᠠᠬᠢ ᠲᠠᠲᠠᠭᠴᠢᠳ ᠲᠤ ᠲᠠᠮᠠᠬᠢ ᠲᠠᠲᠠᠬᠤ ᠪᠠᠨ ᠵᠣᠭᠰᠣᠬᠤ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠨ᠎ᠠ ᠶᠢ ᠵᠣᠷᠢᠭᠵᠢᠭᠤᠯᠤᠨ᠎ᠠ᠃   ︵ᠲᠠᠪᠤ︶ ᠬᠠᠤᠯᠢ ᠶᠢᠨ ᠬᠠᠷᠢᠭᠤᠴᠠᠯᠭ᠎ᠠ ᠶᠢᠨ ᠬᠡᠰᠡᠭ ᠲᠤ᠂ ᠶᠠᠮᠠᠷᠪᠠ ᠨᠢᠭᠡᠴᠢ ᠵᠢᠴᠢ ᠬᠤᠪᠢ ᠬᠥᠮᠥᠨ ᠴᠥᠮ ᠲᠠᠮᠠᠬᠢ ᠲᠠᠲᠠᠬᠤ ᠶᠢ ᠴᠠᠭᠠᠵᠠᠯᠠᠬᠤ ᠣᠷᠣᠨ ᠳᠠᠬᠢ ᠲᠠᠮᠠᠬᠢ ᠲᠠᠲᠠᠬᠤ ᠦᠶᠯᠡ ᠠᠵᠢᠯᠯᠠᠭ᠎ᠠ ᠶᠢ ᠳᠠᠷᠤᠢ ᠲᠦᠷᠭᠡᠨ ᠵᠣᠭᠰᠤᠭᠠᠬᠤ ᠪᠠᠷ ᠱᠠᠭᠠᠷᠳᠠᠬᠤ ᠡᠷᠬᠡ ᠲᠠᠢ᠂ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠠᠵᠢᠯ ᠲᠥᠷᠥᠯ ᠤᠨ ᠰᠠᠯᠠᠭ᠎ᠠ ᠮᠥᠴᠢᠷ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠡᠷᠬᠡ ᠲᠠᠢ᠂ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠵᠤ ᠥᠯᠥ ᠪᠣᠯᠬᠤ ᠡᠭᠦᠷᠭᠡ ᠲᠠᠢ ᠭᠡᠵᠦ ᠳᠤᠳᠤᠷᠬᠠᠶᠢᠯᠠᠪᠠ᠃    ᠳᠥᠷᠪᠡ᠂ ᠨᠡᠶᠢᠲᠡᠯᠡᠭᠰᠡᠨ ᠠᠴᠢ ᠬᠤᠯᠪᠣᠭᠳᠠᠯ   ︽ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠳᠠᠮ ᠤᠨ ᠲᠠᠮᠠᠬᠢᠨ ᠤ ᠯᠡᠪᠡᠷᠡᠬᠦ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠤ᠂ ᠳᠠᠮ ᠤᠨ ᠲᠠᠮᠠᠬᠢᠨ ᠤ ᠬᠤᠣᠷ ᠬᠥᠨᠥᠭᠡᠯ ᠢ ᠪᠠᠭᠠᠰᠬᠠᠨ᠂ ᠣᠯᠠᠨ ᠨᠡᠶᠢᠲᠡ ᠶᠢᠨ ᠪᠡᠶ᠎ᠡ ᠶᠢᠨ ᠡᠷᠡᠭᠦᠯ ᠮᠡᠨᠳᠦ ᠶᠢ ᠪᠦᠲᠦᠮᠵᠢᠳᠡᠢ ᠬᠠᠮᠠᠭᠠᠯᠠᠵᠤ ᠪᠣᠯᠣᠨ᠎ᠠ᠃ ᠪᠣᠯᠪᠠᠰᠤᠨ ᠡᠷᠡᠭᠦᠯ ᠳᠦᠷᠢ ᠲᠥᠷᠬᠦ ᠶᠢ ᠴᠤᠭᠴᠠᠯᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠠᠬᠢᠭᠤᠯᠬᠤ ᠳᠤ ᠲᠤᠰᠠᠲᠠᠢ᠃ ᠬᠥᠮᠥᠰ ᠤᠨ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠢᠷᠭᠡᠳ ᠤᠨ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠡᠭᠦᠨ ᠤ ᠤᠯᠠᠮ ᠠᠴᠠ ᠨᠡᠶᠢᠭᠡᠮ ᠤᠨ ᠪᠣᠯᠪᠠᠰᠤᠨ ᠤ ᠬᠡᠪ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠢᠷᠭᠡᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢ ᠵᠢᠷᠤᠮᠯᠠᠭᠤᠯᠵᠤ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠢᠷᠤᠮᠯᠠᠭᠤᠯᠵᠤ᠂ ᠠᠵᠤ ᠠᠬᠤᠢ᠂ ᠨᠡᠶᠢᠭᠡᠮ ᠪᠠ ᠣᠷᠴᠢᠨ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠢ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2