ᠯᠢᠶᠡᠩᠴᠧᠩ ᠰᠢᠶᠠᠨ 2022 ᠣᠨ ᠠᠴᠠ 2023 ᠣᠨ ᠪᠣᠯᠲᠠᠯᠠᠬᠢ ︽ᠨᠡᠭᠦᠷᠡᠰᠦ ᠶᠢ ᠴᠠᠬᠢᠯᠭᠠᠨ  ᠪᠣᠯᠭᠠᠨ ᠥᠭᠡᠷᠡᠴᠢᠯᠡᠬᠦ︾ ᠡᠭᠦᠷᠭᠡ ᠶᠢᠨ 80% ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/11/3
           2022 ᠣᠨ ᠠᠴᠠ 2023 ᠣᠨ ᠪᠣᠯᠲᠠᠯ᠎ᠠ᠂ ᠯᠢᠶᠡᠩᠴᠧᠩ ᠰᠢᠶᠠᠨ ᠤ ︽ᠨᠡᠭᠦᠷᠡᠰᠦ ᠶᠢ ᠴᠠᠬᠢᠯᠭᠠᠨ  ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠳᠤ ᠬᠤᠯᠪᠣᠭᠳᠠᠭᠰᠠᠨ ᠬᠡᠷᠡᠭᠯᠡᠭᠴᠢ 15438 ᠡᠷᠦᠬᠡ ᠪᠠᠶᠢᠵᠤ᠂ ᠣᠲᠣ  ᠨᠢᠭᠡᠨᠲᠡ 12036 ᠡᠷᠦᠬᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢᠨ  80% ᠶᠢ ᠪᠡᠶᠡᠯᠡᠭᠦᠯᠵᠦ᠂ ᠦᠯᠡᠳᠡᠭᠰᠡᠨ 3402 ᠡᠷᠦᠬᠡ ᠶᠢ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ  ᠪᠡᠶᠡᠯᠡᠭᠦᠯᠬᠦ ᠪᠣᠯᠣᠨ᠎ᠠ᠃ ᠡᠭᠦᠨ ᠤ ᠬᠠᠮᠲᠤ᠂ ︽ᠨᠡᠭᠦᠷᠡᠰᠦ ᠴᠠᠬᠢᠯᠭᠠᠨ ᠢ ᠵᠡᠷᠭᠡᠪᠡᠷ ᠤᠭᠰᠠᠷᠠᠬᠤ᠂ ᠬᠤᠶᠠᠷ ᠲᠠᠯ᠎ᠠ ᠶᠢᠨ  ᠠᠵᠢᠯ ᠢ ᠵᠡᠷᠭᠡᠪᠡᠷ ᠬᠢᠬᠦ᠂ ᠴᠠᠬᠢᠯᠭᠠᠨ ᠢᠶᠠᠷ ᠭᠤᠣᠯ ᠪᠣᠯᠭᠠᠬᠤ᠂ ᠨᠡᠭᠦᠷᠡᠰᠦ ᠪᠠᠷ ᠪᠠᠴᠢᠮ ᠪᠠᠶᠢᠳᠠᠯ ᠢ ᠠᠷᠭᠠᠴᠠᠬᠤ︾  ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠰᠢᠶᠠᠨ ᠤ ᠬᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾  ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠴᠠᠬᠢᠯᠭᠠᠨ ᠬᠦᠴᠦᠨ ᠢ ᠢᠵᠢ ᠪᠦᠷᠢᠳᠦᠭᠦᠯᠬᠦ ᠶᠢᠨ ᠠᠷᠭ᠎ᠠ  ᠦᠭᠡᠢ 1468 ᠡᠷᠦᠬᠡ ᠳᠤ ᠴᠢᠭᠯᠡᠭᠦᠯᠦᠨ ᠨᠡᠭᠦᠷᠡᠰᠦ ᠰᠢᠲᠠᠭᠠᠬᠤ ᠵᠤᠤᠬ᠎ᠠ ᠶᠢ ᠰᠢᠨ᠎ᠡ ᠪᠠᠷ ᠤᠭᠰᠠᠷᠠᠵᠤ᠂  ᠣᠳᠣᠬᠠᠨ ᠳᠤ ᠨᠡᠭᠦᠷᠡᠰᠦ ᠰᠢᠲᠠᠭᠠᠬᠤ ᠵᠤᠤᠬ᠎ᠠ ᠶᠢ ᠨᠢᠭᠡᠨᠲᠡ ᠪᠦᠬᠦᠨ ᠢ ᠤᠭᠰᠠᠷᠠᠵᠤ ᠳᠠᠭᠤᠰᠬᠠᠭᠠᠳ᠂ ᠴᠠᠬᠢᠯᠭᠠᠨ  ᠬᠦᠴᠦᠨ ᠢ ᠶᠠᠭ ᠢᠵᠢ ᠪᠦᠷᠢᠳᠦᠭᠦᠯᠵᠦ ᠪᠠᠶᠢᠭ᠎ᠠ ᠪᠣᠯᠬᠤᠷ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ  ᠥᠩᠭᠡᠷᠡᠭᠡᠬᠦ ᠳᠤ ᠳᠠᠪᠬᠤᠷ ᠪᠠᠲᠤᠯᠠᠭ᠎ᠠ ᠶᠢ ᠰᠠᠶᠢᠲᠤᠷ ᠬᠢᠵᠦ ᠪᠠᠶᠢᠨ᠎ᠠ᠃  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2