ᠵᠢᠨᠢᠩ ᠲᠣᠭᠤᠷᠢᠭ ᠤᠨ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠡᠭᠦᠰᠬᠡᠯ ᠤᠨ ᠳ᠋ᠦᠩᠨᠡᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/3
    11 ᠰᠠᠷ᠎ᠠ ᠶᠢᠨ 1 ᠤ ᠡᠳᠦᠷ᠂ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠶᠡᠭᠡ ᠠᠩᠭᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠠᠢ ᠬᠠᠮᠲᠤᠷᠠᠨ᠂ ᠵᠢᠨᠢᠩ ᠲᠣᠭᠤᠷᠢᠭ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠡᠭᠦᠰᠬᠡᠯ ᠤᠨ ᠳ᠋ᠦᠩᠨᠡᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠪᠠ᠃     ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠵᠠᠬ᠎ᠠ ᠳᠡᠯᠭᠡᠭᠦᠷ ᠤᠨ ᠳᠡᠯᠭᠡᠭᠦᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠨᠢ ᠬᠠᠤᠯᠢ ᠳᠤ ᠨᠡᠶᠢᠴᠡᠬᠦ ᠡᠰᠡᠬᠦ᠂ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠤᠳᠠᠯᠳᠤᠭᠰᠠᠨ ᠦᠷ᠎ᠡ᠂ ᠲᠠᠷᠢᠶᠠᠨ ᠡᠮ᠂ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠳᠠᠩᠰᠠᠯᠠᠭᠤᠯᠤᠭᠰᠠᠨ ᠡᠰᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠡᠬᠡ ᠲᠠᠩᠰᠠ ᠶᠢᠨ ᠲᠡᠮᠳᠡᠭᠯᠡᠯ ᠨᠢ ᠲᠣᠳᠣᠷᠬᠠᠢ ᠪᠠᠶᠢᠬᠤ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠭᠰᠡᠨ ᠤ ᠬᠠᠮᠲᠤ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠭᠰᠡᠨ ᠪᠠᠶᠢᠨ᠎ᠠ᠃     ᠡᠨᠡ ᠵᠢᠯ ᠠᠴᠠ ᠨᠠᠰᠢ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠶᠡᠭᠡ ᠠᠩᠭᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠠᠢ ᠬᠠᠮᠲᠤᠷᠠᠨ᠂ ᠨᠡᠶᠢᠲᠡ 1800 ᠭᠠᠷᠤᠢ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ ᠡᠵᠡᠩᠨᠡᠯᠲᠡ ᠶᠢᠨ ᠭᠤᠣᠯ ᠴᠣᠭᠴᠠ ᠶᠢ 750 ᠭᠠᠷᠤᠢ ᠤᠳᠠᠭ᠎ᠠ ᠪᠠᠶᠢᠴᠠᠭᠠᠵᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ 48 ᠰᠢᠢᠳᠪᠦᠷᠢᠯᠡᠵᠦ ᠳᠠᠭᠤᠰᠬᠠᠭᠠᠳ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠤᠯᠠᠮ ᠨᠢᠭᠡ ᠠᠯᠬᠤᠮ ᠰᠡᠷᠭᠡᠶᠢᠯᠡᠨ ᠬᠤᠷᠢᠭᠯᠠᠪᠠ᠃                              ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2