ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/30
    11 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽︿ᠤᠯᠠᠭᠠᠨᠴᠠᠪ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ‌‍ᠦᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ﹀ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ︽ᠤᠯᠠᠭᠠᠨᠴᠠᠪ ᠬᠤᠲᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 ︱ 2025 ᠣᠨ︶﹀ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠥᠯ︾ ︽ᠤᠯᠠᠭᠠᠨᠴᠠᠪ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠰᠥᠯ︾ ᠵᠡᠷᠭᠡ ᠶᠢ ᠬᠢᠨᠠᠨ ᠵᠥᠪᠯᠡᠪᠡ᠃ ᠪᠥᠬᠦ ᠬᠤᠲᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠰᠤᠳᠤᠯᠪᠠ᠃     ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠦᠨᠡᠯᠡᠨ ᠵᠢᠱᠢᠭᠰᠡᠨ ᠪᠠᠶᠢᠳᠠᠯ ᠢ ᠵᠠᠳᠠᠯᠤᠨ ᠬᠡᠷᠡᠭᠯᠡᠬᠦ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠣᠨᠣᠪᠴᠢᠲᠠᠢ ᠡᠷᠢᠵᠦ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠵᠠᠳᠠᠯᠵᠤ᠂ ᠠᠬᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ︽ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ︾ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠲᠤᠰᠬᠠᠶᠢᠵᠢᠭᠰᠠᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠪᠦᠬᠦ ᠬᠤᠳᠠ ᠶᠢᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠡᠭᠦᠯ ᠢᠶᠠᠷ ᠦᠰᠦᠨ ᠪᠣᠶᠢᠵᠢᠬᠤ᠂ ᠪᠤᠵᠠᠭᠠᠶᠢᠷᠠᠨ ᠬᠦᠴᠦᠷᠬᠡᠭᠵᠢᠬᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠨᠢᠭᠡᠨᠲᠡ ᠲᠣᠭᠲᠠᠭᠠᠭᠰᠠᠨ ᠡᠭᠦᠷᠭᠡ ᠶᠢᠨ ᠵᠠᠩᠭᠢᠯᠠᠭ᠎ᠠ ᠶᠢᠨ ᠴᠡᠭ ᠲᠠᠢ ᠬᠠᠷᠢᠴᠠᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠤᠰᠤ ᠶᠢ ᠬᠠᠮᠲᠤᠪᠠᠷ ᠵᠠᠰᠠᠬᠤ︾ ᠡᠯ᠎ᠡ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠵᠦ᠂ ᠲᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡᠲᠤ ᠶᠡᠭᠡ ᠰᠤᠷᠭᠠᠭᠤᠯᠢ ᠶᠢᠨ ᠴᠢᠳᠠᠮᠵᠢ ᠶᠢᠨ ᠳᠠᠪᠠᠭᠤᠯᠢᠭ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠ ᠥᠷᠭᠡᠳᠬᠡᠵᠦ᠂ ᠤᠯᠠᠭᠠᠨᠴᠠᠪ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2