ᠯᠢᠶᠡᠩᠴᠧᠩ ᠰᠢᠶᠠᠨ ᠤ ᠬᠢᠨ ᠡᠷᠡᠭᠦᠯ ᠬᠠᠮᠠᠭᠠᠯᠠᠯ ᠤᠨ ᠪᠠᠮᠪᠠᠢ ᠶᠢ ᠴᠣᠭᠴᠠᠯᠠᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠠᠶᠠᠯᠠᠯ ᠢ ᠬᠠᠮᠠᠭᠠᠯᠠᠪᠠ
ᠨᠡᠶᠢᠲᠡᠯᠡᠭᠰᠡᠨ ᠴᠠᠭ᠄
2023/11/30
    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠦᠯᠢᠶᠡᠨ ᠠᠪᠬᠤ ᠵᠣᠴᠢᠳ ᠤᠨ ᠪᠠᠭᠤᠳᠠᠯ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠦᠯᠦᠬᠡ᠂ 11 ᠰᠠᠷ᠎ᠠ ᠶᠢᠨ 29 ᠤ ᠡᠳᠦᠷ᠂ ᠯᠢᠶᠡᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠯᠢᠶᠡᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ᠵᠣᠴᠢᠯᠠᠬᠤ ᠵᠣᠴᠢᠳ ᠤᠨ ᠪᠠᠭᠤᠳᠠᠯ ᠢ ᠵᠣᠬᠢᠶᠠᠨ ᠪᠠᠶᠢᠭᠤᠯᠤᠨ ᠬᠤᠨᠤᠭ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠪᠥᠬᠦ ᠬᠠᠤᠯᠢ ᠬᠡᠷᠡᠭᠵᠢᠭᠦᠯᠬᠦ ᠠᠵᠢᠯᠲᠠᠨ᠂ 12 ᠵᠣᠴᠢᠯᠠᠬᠤ ᠵᠣᠴᠢᠳ ᠤᠨ ᠪᠠᠭᠤᠳᠠᠯ ᠤᠨ ᠭᠤᠣᠯ ᠬᠠᠷᠢᠭᠤᠴᠠᠯᠭᠠᠲᠠᠨ ᠵᠢᠴᠢ ᠠᠵᠢᠯᠯᠠᠵᠤ ᠪᠠᠶᠢᠭ᠎ᠠ ᠬᠥᠮᠥᠰ ᠤᠨ 50 ᠭᠠᠷᠤᠢ ᠬᠥᠮᠥᠨ ᠪᠣᠯᠪᠠᠰᠤᠷᠠᠯ ᠤᠨ ᠬᠤᠷᠠᠯ ᠳᠤ ᠣᠷᠣᠯᠴᠠᠵᠠᠢ᠃     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠰᠠᠯᠠᠭᠠᠨ ᠳᠠᠷᠤᠭ᠎ᠠ ᠵᠠᠩ ᠰᠢᠨ ᠮᠢᠩ ᠢ ᠣᠨᠴᠠᠭᠠᠶᠢᠯᠠᠨ ᠤᠷᠢᠵᠤ ᠬᠢᠴᠢᠶᠡᠯ ᠣᠷᠣᠭᠤᠯᠪᠠ᠃ ᠵᠠᠩ ᠰᠠᠯᠠᠭᠠᠨ ᠳᠠᠷᠤᠭ᠎ᠠ ᠬᠤᠨᠤᠭ ᠤᠨ ᠭᠠᠵᠠᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠪᠠ ᠨᠠᠶᠢᠳᠠᠪᠤᠷᠢᠵᠢᠭᠤᠯᠬᠤ᠂ ᠠᠷᠢᠭᠤᠳᠬᠠᠬᠤ ᠲᠥᠬᠦᠭᠡᠷᠦᠮᠵᠢ ᠶᠢ ᠲᠣᠬᠢᠷᠠᠭᠤᠯᠬᠤ ᠪᠠ ᠬᠡᠷᠡᠭᠯᠡᠬᠦ᠂ ᠣᠯᠠᠨ ᠨᠡᠶᠢᠲᠡ ᠶᠢᠨ ᠬᠡᠷᠡᠭᠯᠡᠭᠡᠨ ᠤ ᠡᠳ᠋ ᠬᠡᠷᠡᠭᠰᠡᠯ ᠢ ᠤᠬᠢᠶᠠᠵᠤ ᠠᠷᠢᠭᠤᠳᠬᠠᠬᠤ ᠵᠢᠴᠢ ᠰᠣᠯᠢᠬᠤ ᠵᠡᠷᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠠᠶᠤᠯ ᠲᠦᠭᠰᠢᠭᠦᠷᠢ ᠶᠢᠨ ᠴᠡᠭ ᠢ ᠰᠠᠨᠠᠭᠤᠯᠵᠤ᠂ ᠠᠵᠢᠯᠯᠠᠬᠤ ᠶᠠᠪᠤᠴᠠ ᠶᠢ ᠵᠢᠷᠤᠮᠵᠢᠭᠤᠯᠪᠠ᠃ ᠯᠢᠶᠡᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠷᠢᠭᠤᠴᠠᠯᠭᠠᠲᠠᠨ ᠸᠠᠩ ᠢᠦᠢ ᠴᠧᠨ ᠱᠠᠭᠠᠷᠳᠠᠭᠰᠠᠨ ᠨᠢ᠂ ᠵᠣᠴᠢᠳ ᠤᠨ ᠪᠠᠭᠤᠳᠠᠯ ᠤᠳ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠰᠤᠷᠤᠯᠴᠠᠵᠤ᠂ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠡᠷᠭᠢᠯᠡᠬᠦ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠪᠠᠨ ᠵᠢᠷᠤᠮᠵᠢᠭᠤᠯᠬᠤ ᠬᠡᠷᠡᠭᠲᠡᠢ ᠭᠡᠵᠡᠢ᠃     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠨᠤᠭ ᠤᠨ ᠦᠢᠯᠡᠰ ᠤᠨ ᠠᠵᠢᠯᠲᠠᠳ ᠤᠨ ᠡᠷᠡᠭᠦᠯ ᠬᠠᠮᠠᠭᠠᠯᠠᠯ ᠤᠨ ᠣᠨᠣᠯ ᠤᠨ ᠮᠡᠳᠡᠯᠭᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠨᠤᠭ ᠤᠨ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠯᠢᠶᠡᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠵᠣᠴᠢᠳ ᠤᠨ ᠪᠠᠭᠤᠳᠠᠯ ᠳᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠣᠴᠢᠳ ᠤᠨ ᠪᠠᠭᠤᠳᠠᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠨᠢᠭᠲᠠ ᠠᠩᠬᠠᠷᠴᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠯᠢᠶᠡᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2