ᠵᠢᠨᠢᠩ ᠲᠣᠭᠤᠷᠢᠭ 2023 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠲᠠ︾ ᠶᠢᠨ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/6
    ᠣᠶᠢᠷ᠎ᠠ ᠳᠤ᠂ ᠵᠢᠨᠢᠩ ᠲᠣᠭᠤᠷᠢᠭ ᠤᠨ ᠬᠢᠨ 2023 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠲᠠ︾  ᠶᠢᠨ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠣᠯᠭᠤᠬᠤ ᠶᠣᠰᠣᠯᠠᠯ ᠶᠠᠪᠤᠭᠤᠯᠵᠤ᠂ ᠣᠷᠣᠯᠭ᠎ᠠ ᠪᠠᠭᠠᠲᠠᠢ ︽ᠬᠤᠶᠠᠷ ᠥᠮᠡᠨ︾ ᠲᠠᠢ 21 ᠡᠮᠡᠭᠲᠡᠶᠢᠴᠦᠳ ᠲᠤ ᠬᠥᠮᠥᠨ ᠪᠦᠷᠢ ᠳᠤ 1 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠯᠲᠠ ᠶᠢᠨ ᠮᠥᠩᠭᠦ ᠶᠢ ᠲᠥᠪᠯᠡᠷᠡᠭᠦᠯᠦᠨ ᠣᠯᠭᠤᠪᠠ᠃     ᠶᠣᠰᠣᠯᠠᠯ ᠤᠨ ᠲᠤᠬᠠᠢ ᠶᠢᠨ ᠲᠠᠯᠠᠪᠤᠷ ᠲᠤ᠂ ᠠᠵᠢᠯᠲᠠᠳ ᠲᠤᠬᠠᠢ ᠶᠢᠨ ᠲᠠᠯᠠᠪᠤᠷ ᠲᠤ ᠢᠷᠡᠭᠰᠡᠨ ᠡᠮᠡᠭᠲᠡᠶᠢᠴᠦᠳ ᠲᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠲᠠ︾ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ᠂ ᠵᠣᠷᠢᠯᠭ᠎ᠠ ᠵᠢᠴᠢ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠠᠪᠤᠷᠠᠨ ᠲᠤᠰᠠᠯᠠᠯᠲᠠ ᠭᠥᠷᠳᠡᠭᠰᠡᠨ ᠡᠮᠡᠭᠲᠡᠶᠢᠴᠦᠳ ᠢ ᠦᠵᠡᠯ ᠰᠠᠨᠠᠭᠠᠨ ᠤ ᠳᠠᠷᠤᠭᠠᠰᠤ ᠪᠠᠨ ᠲᠠᠶᠠᠭᠳᠠᠵᠤ᠂ ᠢᠳᠡᠪᠬᠢᠲᠡᠢ ᠪᠠᠷ ᠡᠮᠨᠡᠨ ᠵᠠᠰᠠᠵᠤ ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠢᠳᠡᠪᠬᠢᠲᠡᠢ ᠣᠪᠣᠷ ᠢᠶᠠᠷ ᠣᠷᠣᠰᠢᠵᠤ ᠪᠠᠶᠢᠭ᠎ᠠ ᠬᠦᠴᠢᠷᠳᠡᠯ ᠳᠤ ᠬᠠᠨᠳᠤᠵᠤ᠂ ᠡᠷᠲᠡᠬᠡᠨ ᠡᠷᠡᠭᠦᠯᠵᠢᠵᠦ᠂ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠬᠤ ᠶᠢ ᠵᠣᠷᠢᠭᠵᠢᠭᠤᠯᠵᠠᠢ᠃     ︽ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠯᠳᠡ︾ ᠪᠣᠯ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠲᠥᠪ ᠤᠨ ᠲᠤᠰᠬᠠᠢ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢ ᠣᠯᠵᠤ᠂ ᠬᠥᠬᠦᠨ ᠪᠤᠯᠴᠢᠷᠬᠠᠢ ᠶᠢᠨ ᠥᠮᠡᠨ᠂ ᠰᠠᠪᠠ  ᠶᠢᠨ ᠬᠦᠵᠦᠭᠦᠨ ᠤ ᠥᠮᠡᠨ ᠲᠠᠢ ᠣᠷᠣᠯᠭ᠎ᠠ ᠪᠠᠭᠠᠲᠠᠢ ︽ᠬᠤᠶᠠᠷ ᠥᠮᠡᠨ︾ ᠲᠠᠢ ᠡᠮᠡᠭᠲᠡᠶᠢᠴᠦᠳ ᠲᠤ ᠵᠣᠷᠢᠭᠤᠯᠤᠭᠰᠠᠨ ᠠᠪᠤᠷᠠᠨ ᠲᠤᠰᠠᠯᠠᠬᠤ ᠲᠤᠰᠬᠠᠢ ᠰᠠᠭᠤᠷᠢ ᠮᠥᠩᠭᠦᠨ ᠤ ᠵᠦᠢᠯ ᠮᠥᠨ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠢ ︽ᠬᠤᠶᠠᠷ ᠥᠮᠡᠨ︾ ᠲᠠᠢ ᠡᠮᠡᠭᠲᠡᠶᠢᠴᠦᠳ ᠲᠤ ᠨᠢᠭᠡ ᠤᠳᠠᠭ᠎ᠠ ᠶᠢᠨ ᠴᠢᠨᠠᠷᠲᠠᠢ 10000 ᠲᠥᠭᠦᠷᠢᠭ ᠤᠨ ᠠᠪᠤᠷᠠᠨ ᠲᠤᠰᠠᠯᠠᠯᠲᠠ ᠥᠭᠴᠦ᠂ ᠲᠡᠳᠡᠨ ᠤ ᠠᠮᠢᠳᠤᠷᠠᠯ ᠤᠨ ᠳᠠᠷᠤᠭᠠᠰᠤ ᠶᠢ ᠨᠢ ᠬᠥᠩᠭᠡᠷᠡᠭᠦᠯᠦᠨ᠎ᠡ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2