ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/11/6
   11 ᠰᠠᠷ᠎ᠠ ᠶᠢᠨ 3 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠵᠢᠴᠢ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠵᠡᠷᠭᠡ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠ ︽ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ︾  ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠧᠢ ᠶᠦᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ᠃    ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠯᠠᠪᠠᠢ ᠶᠢ ᠲᠣᠭᠲᠠᠪᠤᠷᠢᠵᠢᠭᠤᠯᠵᠤ᠂ ᠤᠨᠠᠯᠲᠠ ᠶᠢ ᠨᠡᠮᠡᠭᠳᠡᠭᠦᠯᠵᠦ᠂ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ᠃ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠤ ᠴᠢᠳᠠᠪᠤᠷᠢᠲᠠᠨ ᠤ ᠢᠨᠵᠧᠨᠧᠷᠢᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠣᠶᠢᠯᠠᠭᠠᠭᠳᠠᠬᠤᠨ ᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢ ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠢᠯ ᠤᠨ ᠡᠴᠦᠰ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠡᠭᠦᠰᠬᠡᠯ ᠤᠨ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠵᠥᠪ ᠪᠤᠷᠤᠭᠤ ᠶᠢ ᠢᠯᠭᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠠᠷᠠᠭᠠᠯᠬᠢᠯᠠᠯ ᠤᠨ ᠴᠢᠨᠠᠷᠲᠠᠢ ᠰᠡᠳᠬᠢᠬᠦᠢ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠬᠤ ᠶᠢ ᠴᠢᠬᠤᠯᠠᠴᠢᠯᠠᠵᠤ᠂ ᠵᠣᠷᠢᠭᠲᠠᠢ ᠪᠠᠷ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠳᠠᠪᠠᠭᠤᠯᠢᠭ ᠢ ᠪᠣᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠳᠠᠷᠤᠯᠲᠠ ᠥᠷᠢᠰᠦᠯᠳᠦᠭᠡᠨ ᠢ ᠤᠭᠲᠤᠬᠤ ᠴᠠᠭᠠᠷᠠᠭᠰᠠᠨ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠴᠠᠭ ᠦᠶ᠎ᠡ ᠶᠢᠨ ᠬᠦᠨᠳᠦ ᠡᠭᠦᠷᠭᠡ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2