ᠯᠢᠶᠡᠩᠴᠧᠩ ᠰᠢᠶᠠᠨ ᠤ 1—10 ᠰᠠᠷ᠎ᠠ ᠶᠢᠨ ︽ᠪᠦᠷᠢᠨ ᠴᠢᠳᠠᠮᠵᠢᠳᠦ ᠺᠠᠷᠲ︾ ᠤᠨ  ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2023/11/7
         ᠡᠨᠡ ᠵᠢᠯ ᠤᠨ 1 ︱ 10 ᠰᠠᠷ᠎ᠠ ᠳᠤ᠂ ᠯᠢᠶᠡᠩᠴᠧᠩ ᠰᠢᠶᠠᠨ ᠤ 8 ᠰᠢᠶᠠᠩ ᠪᠠᠯᠭᠠᠰᠤ᠂ 9 ᠬᠦᠷᠢᠶᠡᠨ ᠤ  50 ᠲᠥᠷᠥᠯ ᠤᠨ 56 ᠵᠦᠢᠯ ᠤᠨ ᠨᠥᠬᠦᠪᠦᠷᠢ ᠶᠢᠨ ᠪᠡᠯᠡ ᠮᠥᠩᠭᠦ ᠳᠤ ᠲᠠᠷᠢᠶᠠᠴᠢᠳ ᠲᠤ ᠠᠰᠢᠭ ᠬᠦᠷᠲᠡᠭᠡᠬᠦ  ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 42225.6 ᠲᠦᠮᠡᠨ ᠲᠥᠭᠦᠷᠢᠭ ᠲᠠᠷᠬᠠᠭᠠᠵᠤ᠂ 1280968  ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠂ ᠲᠠᠷᠢᠶᠠᠯᠠᠩ ᠤᠨ ᠲᠥᠷᠥᠯ ᠤᠨ ᠨᠥᠬᠦᠪᠦᠷᠢ 8722. 46 ᠲᠦᠮᠡᠨ ᠲᠥᠭᠦᠷᠢᠭ ᠪᠠᠶᠢᠵᠤ᠂ 107433 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠮᠠᠯ ᠠᠵᠤ  ᠠᠬᠤᠢ ᠶᠢᠨ ᠲᠥᠷᠥᠯ ᠤᠨ ᠨᠥᠬᠦᠪᠦᠷᠢ 374.12 ᠲᠦᠮᠡᠨ ᠲᠥᠭᠦᠷᠢᠭ ᠪᠠᠶᠢᠵᠤ᠂ 55822 ᠬᠥᠮᠥᠨ  ᠤᠳᠠᠭ᠎ᠠ ᠳᠤ ᠠᠰᠢᠭ ᠬᠦᠷᠲᠡᠭᠡᠪᠡ᠃ ᠣᠶ ᠰᠢᠭᠤᠢ ᠶᠢᠨ ᠲᠥᠷᠥᠯ ᠤᠨ ᠨᠥᠬᠦᠪᠦᠷᠢ 3119.37 ᠲᠦᠮᠡᠨ  ᠲᠥᠭᠦᠷᠢᠭ ᠪᠠᠶᠢᠵᠤ᠂ 151609 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠤ ᠲᠥᠷᠥᠯ ᠤᠨ ᠨᠥᠬᠦᠪᠦᠷᠢ 72.67 ᠲᠦᠮᠡᠨ ᠲᠥᠭᠦᠷᠢᠭ ᠪᠠᠶᠢᠵᠤ᠂ 206 ᠬᠥᠮᠥᠨ ᠤᠳᠠᠭ᠎ᠠ ᠳᠤ  ᠠᠰᠢᠭ ᠬᠦᠷᠲᠡᠭᠡᠪᠡ᠃ ᠰᠤᠷᠭᠠᠨ ᠬᠥᠮᠦᠵᠢᠯ ᠤᠨ ᠲᠥᠷᠥᠯ ᠤᠨ ᠨᠥᠬᠦᠪᠦᠷᠢ 1418.59 ᠲᠦᠮᠡᠨ ᠲᠥᠭᠦᠷᠢᠭ  ᠪᠠᠶᠢᠵᠤ᠂ 4084 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠲᠥᠯᠥᠪᠯᠡᠭᠡᠲᠦ ᠦᠷᠡᠵᠢᠯ ᠤᠨ ᠨᠥᠬᠦᠪᠦᠷᠢ  360.38 ᠲᠦᠮᠡᠨ ᠲᠥᠭᠦᠷᠢᠭ ᠲᠤ ᠬᠦᠷᠴᠦ᠂ 2813 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠪᠦᠲᠦᠭᠡᠨ  ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ 3441.99 ᠲᠦᠮᠡᠨ ᠲᠥᠭᠦᠷᠢᠭ ᠪᠠᠶᠢᠵᠤ᠂ 15270 ᠬᠥᠮᠥᠨ  ᠤᠳᠠᠭ᠎ᠠ ᠳᠤ ᠠᠰᠢᠭ ᠬᠦᠷᠲᠡᠭᠡᠪᠡ᠃ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ 23053.24  ᠲᠦᠮᠡᠨ ᠲᠥᠭᠦᠷᠢᠭ ᠪᠠᠶᠢᠵᠤ᠂ 939564 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠴᠠᠯᠢᠩ ᠤᠨ  ᠨᠥᠬᠦᠪᠦᠷᠢ ᠶᠢᠨ ᠲᠥᠷᠥᠯ ᠤᠨ ᠨᠥᠬᠦᠪᠦᠷᠢ 1662.77 ᠲᠦᠮᠡᠨ ᠲᠥᠭᠦᠷᠢᠭ ᠪᠠᠶᠢᠵᠤ᠂ 4167 ᠬᠥᠮᠥᠨ  ᠤᠳᠠᠭ᠎ᠠ ᠳᠤ ᠠᠰᠢᠭ ᠬᠦᠷᠲᠡᠭᠡᠪᠡ᠃ ᠡᠯ᠎ᠡ ᠵᠦᠢᠯ ᠤᠨ ᠨᠥᠬᠦᠪᠦᠷᠢ ᠶᠢ ᠴᠥᠮ ᠴᠠᠭ ᠲᠤᠬᠠᠢ ᠳᠤᠨᠢ ᠭᠦᠢᠴᠡᠳ  ᠲᠤᠭ᠎ᠠ ᠪᠠᠷ ᠣᠯᠭᠤᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2