ᠯᠢᠶᠡᠩᠴᠧᠩ ᠰᠢᠶᠠᠨ ᠤ 1—10 ᠰᠠᠷ᠎ᠠ ᠶᠢᠨ ︽ᠪᠦᠷᠢᠨ ᠴᠢᠳᠠᠮᠵᠢᠳᠦ ᠺᠠᠷᠲ︾ ᠤᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2023/11/7
    ᠡᠨᠡ ᠵᠢᠯ ᠤᠨ 1 ︱ 10 ᠰᠠᠷ᠎ᠠ ᠳᠤ᠂ ᠯᠢᠶᠡᠩᠴᠧᠩ ᠰᠢᠶᠠᠨ ᠤ 8 ᠰᠢᠶᠠᠩ ᠪᠠᠯᠭᠠᠰᠤ᠂ 9 ᠬᠦᠷᠢᠶᠡᠨ ᠤ 50 ᠲᠥᠷᠥᠯ ᠤᠨ 56 ᠵᠦᠢᠯ ᠤᠨ ᠨᠥᠬᠦᠪᠦᠷᠢ ᠶᠢᠨ ᠪᠡᠯᠡ ᠮᠥᠩᠭᠦ ᠳᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 42225.6 ᠲᠦᠮᠡᠨ ᠲᠥᠭᠦᠷᠢᠭ ᠲᠠᠷᠬᠠᠭᠠᠵᠤ᠂ 1280968 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠂ ᠲᠠᠷᠢᠶᠠᠯᠠᠩ ᠤᠨ ᠲᠥᠷᠥᠯ ᠤᠨ ᠨᠥᠬᠦᠪᠦᠷᠢ 8722.46 ᠲᠦᠮᠡᠨ ᠲᠥᠭᠦᠷᠢᠭ ᠪᠠᠶᠢᠵᠤ᠂ 107433 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ 374.12 ᠲᠦᠮᠡᠨ ᠲᠥᠭᠦᠷᠢᠭ ᠪᠠᠶᠢᠵᠤ᠂ 55822 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠣᠶ ᠰᠢᠭᠤᠢ ᠶᠢᠨ ᠲᠥᠷᠥᠯ ᠤᠨ ᠨᠥᠬᠦᠪᠦᠷᠢ 3119.37 ᠲᠦᠮᠡᠨ ᠲᠥᠭᠦᠷᠢᠭ ᠪᠠᠶᠢᠵᠤ᠂ 151609 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠷᠥᠯ ᠤᠨ ᠨᠥᠬᠦᠪᠦᠷᠢ 72.67 ᠲᠦᠮᠡᠨ ᠲᠥᠭᠦᠷᠢᠭ ᠪᠠᠶᠢᠵᠤ᠂ 206 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠰᠤᠷᠭᠠᠨ ᠬᠥᠮᠦᠵᠢᠯ ᠤᠨ ᠲᠥᠷᠥᠯ ᠤᠨ ᠨᠥᠬᠦᠪᠦᠷᠢ 1418.59 ᠲᠦᠮᠡᠨ ᠲᠥᠭᠦᠷᠢᠭ ᠪᠠᠶᠢᠵᠤ᠂ 4084 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠲᠥᠯᠥᠪᠯᠡᠭᠡᠲᠦ ᠦᠷᠡᠵᠢᠯ ᠤᠨ ᠨᠥᠬᠦᠪᠦᠷᠢ 360.38 ᠲᠦᠮᠡᠨ ᠲᠥᠭᠦᠷᠢᠭ ᠲᠤ ᠬᠦᠷᠴᠦ᠂ 2813 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ 3441.99 ᠲᠦᠮᠡᠨ ᠲᠥᠭᠦᠷᠢᠭ ᠪᠠᠶᠢᠵᠤ᠂ 15270 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ 23053.24 ᠲᠦᠮᠡᠨ ᠲᠥᠭᠦᠷᠢᠭ ᠪᠠᠶᠢᠵᠤ᠂ 939564 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠴᠠᠯᠢᠩ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ 1662.77 ᠲᠦᠮᠡᠨ ᠲᠥᠭᠦᠷᠢᠭ ᠪᠠᠶᠢᠵᠤ᠂ 4167 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠯ᠎ᠡ ᠵᠦᠢᠯ ᠤᠨ ᠨᠥᠬᠦᠪᠦᠷᠢ ᠶᠢ ᠴᠥᠮ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠪᠠ᠃                                   ᠤᠷᠴᠢᠭᠤᠯᠤᠭᠴᠢ᠄ ᠬᠦᠰᠡᠯ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2