ᠵᠢᠨᠢᠩ ᠲᠣᠭᠤᠷᠢᠭ ᠤᠨ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠨᠢ ᠮᠠᠨ ᠤ ᠬᠤᠲᠠ ᠶᠢᠨ ᠠᠩᠬᠠᠳᠠᠭᠴᠢ ᠥᠪᠥᠷ ᠮᠣᠩᠭᠤᠯ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠪᠤᠯᠪᠠ
ᠨᠡᠶᠢᠲᠡᠯᠡᠭᠰᠡᠨ ᠴᠠᠭ᠄
2023/11/7
    ᠫᠢᠩᠫᠠᠩ ᠪᠥᠮᠪᠦᠭᠡ ᠶᠢᠨ ᠲᠥᠷᠥᠯ ᠵᠦᠢᠯ ᠤᠨ ᠬᠥᠭᠵᠢᠯᠲᠡ  ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠫᠢᠩᠫᠠᠩ ᠪᠥᠮᠪᠦᠭᠡ ᠶᠢᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠤ᠂ ᠫᠢᠩᠫᠠᠩ ᠪᠥᠮᠪᠦᠭᠡ ᠶᠢᠨ ᠨᠡᠩ ᠣᠯᠠᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠦᠨ ᠢᠯᠡᠷᠡᠭᠦᠯᠬᠦ ᠶᠢᠨ ᠲᠦᠯᠦᠬᠡ᠂ ᠡᠨᠡ ᠵᠢᠯ ᠤᠨ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠦᠭᠡ ᠶᠢᠨ ᠬᠥᠳᠡᠯᠭᠡᠭᠡᠨ ᠤ ᠨᠡᠶᠢᠭᠡᠮᠯᠢᠭ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠵᠣᠬᠢᠶᠠᠨ ᠪᠠᠶᠢᠭᠤᠯᠵᠤ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠣᠷᠣᠨ ᠤ 12 ᠠᠶᠢᠮᠠᠭ ᠬᠤᠲᠠ ᠶᠢᠨ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠ ᠦᠨᠡᠯᠡᠯᠲᠡ ᠬᠢᠵᠦ᠂ ᠡᠯ᠎ᠡ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠠᠭᠰᠢ ᠶᠢᠨ ᠬᠦᠴᠦᠨ᠂ ᠪᠣᠯᠪᠠᠰᠤᠷᠠᠭᠤᠯᠤᠯ ᠤᠨ ᠨᠥᠬᠦᠴᠡᠯ᠂ ᠬᠠᠮᠢᠶᠠᠷᠤᠯᠲᠠ ᠶᠢᠨ ᠬᠢᠷᠢ ᠬᠡᠮᠵᠢᠶ᠎ᠡ᠂ ᠪᠣᠯᠪᠠᠰᠤᠷᠠᠭᠤᠯᠤᠯ ᠤᠨ ᠦᠷ᠎ᠡ ᠪᠦᠲᠦᠭᠡᠯ ᠵᠡᠷᠭᠡ ᠲᠠᠯ᠎ᠠ ᠶᠢᠨ ᠪᠣᠳᠠᠲᠠᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠦᠨᠡᠯᠡᠪᠡ᠃ ᠬᠠᠮᠤᠭ ᠤᠨ ᠡᠴᠦᠰ ᠲᠤ᠂ ᠦᠨᠡᠯᠡᠨ ᠵᠢᠱᠢᠬᠦ ᠪᠠᠷᠢᠮᠵᠢᠶ᠎ᠠ ᠪᠠ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠨ᠂ ᠲᠣᠰ ᠵᠢᠯ ᠤᠨ ᠪᠥᠬᠦ ᠣᠷᠣᠨ ᠤ ᠫᠢᠩᠫᠠᠩ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ 13 ᠰᠠᠭᠤᠷᠢᠨ ᠭᠠᠵᠠᠷ ᠢ ᠲᠣᠭᠲᠠᠭᠠᠵᠤ᠂ ᠵᠢᠨᠢᠩ ᠲᠣᠭᠤᠷᠢᠭ ᠤᠨ ᠯᠣᠣ ᠬᠤ᠋ ᠱᠠᠨ ᠪᠠᠭ᠎ᠠ ᠰᠤᠷᠭᠠᠭᠤᠯᠢ ᠶᠢᠨ ᠵᠢᠨᠢᠩ ᠲᠣᠭᠤᠷᠢᠭ ᠤᠨ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠠᠮᠵᠢᠯᠲᠠ ᠲᠠᠢ ᠪᠠᠷ ᠰᠣᠩᠭᠤᠭᠳᠠᠪᠠ᠃                                   ᠤᠷᠴᠢᠭᠤᠯᠤᠭᠴᠢ᠄ ᠬᠦᠰᠡᠯ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2