ᠴᠢ ᠹᠧᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/8
   11 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠴᠢ ᠹᠧᠢ ᠶᠦᠨ ᠮᠧᠩ ᠶᠤᠸᠠᠨ ᠰᠢᠶᠣᠣ ᠹᠧᠢ ᠨᠢᠦ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠠᠯᠠᠰᠢᠨ ᠦᠬᠡᠷ ᠤᠨ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠠᠵᠤ ᠠᠬᠤᠶᠢᠯᠠᠯ ᠢ ᠳᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠥᠭᠡᠪᠦᠷ ᠪᠠᠯᠭᠠᠰᠤᠨ ᠤ ᠠᠷᠤ ᠶᠢᠨ ᠵᠣᠣ ᠲᠣᠰᠬᠤᠨ ᠳᠤ᠂ ᠴᠢ ᠹᠧᠢ ᠶᠦᠨ ᠲᠣᠰᠬᠤᠨ ᠤ ᠠᠷᠠᠳ ᠤᠨ ᠭᠡᠷ ᠲᠤ ᠬᠦᠷᠴᠦ᠂ ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠶᠢᠨ ᠤᠭᠰᠠᠷᠠᠯᠲᠠ᠂ ᠠᠵᠢᠯᠯᠠᠭᠠᠨ ᠤ ᠵᠠᠷᠤᠳᠠᠯ᠂ ᠢᠯᠴᠢ ᠶᠢᠨ ᠦᠷ᠎ᠡ ᠪᠦᠲᠦᠮᠵᠢ᠂ ᠲᠣᠰᠬᠤᠨ ᠤ ᠠᠷᠠᠳ ᠤᠨ ᠥᠭᠡᠷᠡᠴᠢᠯᠡᠨ ᠰᠠᠶᠢᠵᠢᠷᠠᠭᠤᠯᠬᠤ ᠬᠦᠰᠡᠯ ᠵᠢᠴᠢ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠲᠠᠷᠬᠠᠭᠠᠯᠲᠠ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠲᠡᠷᠡ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠰᠠᠶᠢᠲᠤᠷ ᠬᠢᠵᠦ᠂ ᠤᠯᠠᠨ ᠲᠦᠮᠡᠨ ᠳᠤ ᠲᠦᠷᠦ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠠᠰᠢᠭ ᠲᠤᠰᠠ ᠶᠢ ᠲᠣᠳᠣᠷᠬᠠᠢ ᠶᠠᠷᠢᠵᠤ᠂ ᠵᠠᠷᠤᠳᠠᠯ ᠢ ᠲᠣᠳᠣᠷᠬᠠᠢ ᠶᠠᠷᠢᠵᠤ᠂ ᠬᠡᠷᠡᠭᠯᠡᠬᠦ ᠶᠡᠷᠦ ᠶᠢᠨ ᠮᠡᠳᠡᠯᠭᠡ ᠶᠢ ᠲᠣᠳᠣᠷᠬᠠᠢ ᠶᠠᠷᠢᠵᠤ᠂ ᠤᠯᠠᠨ ᠲᠦᠮᠡᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠤᠬᠠᠢ ᠲᠠᠨᠢᠯᠲᠠ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠡᠷᠡᠭᠯᠡᠬᠦ ᠳᠤ ᠲᠠᠭᠠᠯᠠᠮᠵᠢᠲᠠᠢ᠂ ᠬᠡᠷᠡᠭᠯᠡᠬᠦ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠬᠤ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠤᠯᠠᠨ ᠲᠦᠮᠡᠨ ᠢ ᠨᠠᠮ ᠤᠨ ᠠᠴᠢ ᠲᠤᠰᠠ ᠶᠢ ᠰᠡᠳᠬᠢᠯ ᠤᠨ ᠤᠭ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠴᠢ ᠹᠧᠢ ᠶᠦᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠤᠶᠢᠯ ᠢᠶᠠᠷ ᠠᠩᠬᠠᠷᠴᠤ᠂ ᠬᠦᠷᠦᠭᠰᠡᠨ ᠭᠠᠵᠠᠷ ᠪᠣᠯᠭᠠᠨ ᠳᠤ ᠫᠧᠩ ᠰᠠᠷᠠᠪᠴᠢ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠬᠦ ᠶᠢᠨ ᠬᠠᠮᠲᠤ ᠲᠤᠬᠠᠢ ᠶᠢᠨ ᠭᠠᠵᠠᠷ ᠤᠨ ᠺᠠᠳ᠋ᠷᠴᠤᠳ ᠲᠤ ᠲᠤᠶᠢᠯ ᠤᠨ ᠶᠡᠭᠡ ᠴᠠᠰᠤ ᠰᠢᠭᠤᠷᠭ᠎ᠠ ᠲᠠᠢ ᠴᠠᠭ ᠠᠭᠤᠷ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠰᠡᠯᠪᠢᠨ ᠵᠠᠰᠠᠵᠤ ᠪᠠᠬᠢᠵᠢᠭᠦᠯᠬᠦ ᠳᠤ ᠬᠠᠪᠰᠤᠷᠴᠤ᠂ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃     ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠣᠷᠣᠯᠴᠠᠵᠠᠢ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2