ᠱᠠᠩᠳᠤ ᠰᠢᠶᠠᠨ ︽ᠬᠤᠶᠠᠷ ᠦᠬᠡᠷ ᠤᠨ ᠠᠵᠤ ᠦᠢᠯᠡᠰ︾ ᠤᠨ ᠬᠡᠪᠴᠢᠶ᠎ᠡ ᠶᠢ ᠥᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/11/8
    ᠨᠢᠭᠡ ᠳᠤ ︽ᠬᠤᠶᠠᠷ ᠦᠬᠡᠷ︾ ᠤᠨ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ ︽ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ︽ᠠᠯᠠᠰᠢᠨ ᠦᠬᠡᠷ ᠤᠨ ᠰᠦᠷᠦᠭ ᠢ ᠳᠠᠬᠢᠨ ᠢᠶᠠᠷ ᠨᠡᠮᠡᠭᠳᠡᠭᠦᠯᠬᠦ︾ ᠵᠡᠷᠭᠡ ᠲᠥᠷᠥᠯ ᠵᠦᠢᠯ ᠤᠨ ᠳᠠᠭᠠᠭᠤᠯᠭ᠎ᠠ ᠪᠠᠷ᠂ ᠣᠲᠣ ᠪᠣᠯᠲᠠᠯ᠎ᠠ ᠱᠠᠩᠳᠤ ᠰᠢᠶᠠᠨ ᠤ ᠪᠥᠬᠦ ᠰᠢᠶᠠᠨ ᠳᠤ 1.62 ᠲᠦᠮᠡᠨ ᠰᠠᠭᠠᠯᠢ ᠶᠢᠨ ᠦᠨᠢᠶ᠎ᠡ ᠲᠡᠵᠢᠭᠡᠵᠦ᠂ ᠵᠢᠯ ᠳᠤ 35745 ᠲᠣᠨ ᠰᠦ ᠦᠢᠯᠡᠳᠪᠦᠷᠢᠯᠡᠵᠦ᠂ 5.65 ᠲᠦᠮᠡᠨ ᠠᠯᠠᠰᠢᠨ ᠦᠬᠡᠷ ︵ᠵᠥᠪᠬᠡᠨ 2023 ᠣᠨ ᠳᠤ 0.65 ᠲᠦᠮᠡᠨ ᠦᠬᠡᠷ ᠰᠢᠨ᠎ᠡ ᠪᠠᠷ ᠨᠡᠮᠡᠭᠳᠡᠪᠡ︶ ᠲᠡᠵᠢᠭᠡᠵᠦ᠂ ᠵᠢᠯ ᠳᠤ 1668 ᠲᠣᠨ ᠮᠢᠬᠠᠨ ᠤ ᠭᠠᠷᠤᠯᠲᠠ ᠭᠠᠷᠤᠨ᠎ᠠ᠃ ᠡᠪᠡᠰᠦ ᠪᠣᠷᠳᠤᠭ᠎ᠠ ᠶᠢ 23 ᠲᠦᠮᠡᠨ ᠮᠦ ︵ᠬᠥᠬᠡ ᠡᠷᠳᠡᠨᠢ ᠰᠢᠰᠢ 14 ᠲᠦᠮᠡᠨ ᠮᠦ᠂ ᠡᠪᠡᠰᠦ ᠨᠣᠬᠠᠢ ᠶᠢᠨ ᠬᠤᠰᠢᠭᠤ 9 ᠲᠦᠮᠡᠨ ᠮᠦ︶ ᠳᠠᠷᠢᠬᠤ ᠶᠢ ᠪᠡᠶᠡᠯᠡᠭᠦᠯᠵᠦ᠂ ᠪᠥᠬᠦ ᠰᠢᠶᠠᠨ ᠤ ᠮᠠᠯ ᠠᠵᠤ ᠠᠬᠤᠢ ᠶᠢᠨ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢ ᠪᠦᠲᠦᠮᠵᠢᠲᠡᠶ ᠪᠠᠲᠤᠯᠠᠪᠡ᠃     ᠬᠤᠶᠠᠷ ᠲᠤ ︽ᠬᠤᠶᠠᠷ ᠦᠬᠡᠷ︾ ᠤᠨ ᠠᠵᠤ ᠦᠢᠯᠡᠰ ᠤᠨ ᠨᠠᠷᠠᠲᠤ ᠲᠡᠮᠳᠡᠭᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ︽ᠬᠤᠶᠠᠷ ᠦᠬᠡᠷ︾ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠭᠡ ᠶᠢᠨ ᠴᠤᠭᠯᠠᠭᠠᠨ᠂ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠵᠢᠴᠢ ᠡᠯ᠎ᠡ ᠲᠥᠷᠥᠯ ᠤᠨ ᠨᠡᠷᠡᠲᠦ ᠲᠡᠮᠳᠡᠭᠲᠦ ᠶᠢᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ ᠶᠢ ᠵᠣᠷᠢᠭᠵᠢᠭᠤᠯᠵᠤ᠂ 100 ᠲᠦᠮᠡᠨ ᠲᠥᠭᠦᠷᠢᠭ ᠤᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠪᠡᠯᠡ ᠮᠥᠩᠭᠦ ᠭᠠᠷᠭᠠᠵᠤ᠂ ᠲᠣᠰ ᠰᠢᠶᠠᠨ ᠤ ᠪᠠᠨ ︽ᠬᠤᠶᠠᠷ ᠦᠬᠡᠷ︾ ᠤᠨ ᠠᠵᠤ ᠠᠬᠤᠶᠢᠯᠠᠯ ᠤᠨ ︽ᠤᠤᠷ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠠᠵᠢᠯ ᠳᠤ ᠣᠷᠣᠯᠴᠠᠬᠤ ᠶᠢ ᠲᠤᠰᠬᠠᠢ ᠵᠦᠢᠯ ᠢᠶᠠᠷ ᠳᠡᠮᠵᠢᠵᠦ᠂ ᠡᠭᠦᠨ ᠳᠤ ᠮᠧᠩ ᠳ᠋ᠧ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠨᠢᠭᠡᠨᠲᠡ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ︱ ᠮᠧᠩ ᠹᠦ᠋ ᠶᠠᠩ᠂ ᠳ᠋ᠧ ᠶᠤᠸᠠᠨ ᠰᠢᠩ ᠢ ᠶᠢ ᠡᠭᠦᠳᠦᠭᠰᠡᠨ ᠪᠠᠶᠢᠨ᠎ᠠ᠃     ᠭᠤᠷᠪᠠ ᠳᠤ ︽ᠬᠤᠶᠠᠷ ᠦᠬᠡᠷ︾ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠦᠷ᠎ᠡ ᠪᠣᠶᠢᠵᠢᠭᠤᠯᠬᠤ ᠭᠤᠣᠯᠯᠠᠭᠴᠢ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠶᠢᠷ᠎ᠠ ᠶᠢᠨ ᠬᠤᠶᠠᠷ ᠵᠢᠯ ᠳᠤ᠂ ᠪᠢᠳᠡ ︽ᠠᠯᠠᠰᠢᠨ ᠦᠬᠡᠷ ᠤᠨ ᠰᠠᠶᠢᠨ ᠡᠭᠦᠯᠳᠡᠷ ᠤᠨ ᠨᠥᠬᠦᠪᠦᠷᠢ︾ ᠶᠢᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠴᠢᠨ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠴᠢᠨᠠᠷ ᠰᠠᠶᠢᠲᠠᠢ ᠢᠴᠡᠭᠡᠯ ᠦᠷ᠎ᠡ ︵2 ᠰᠢᠷᠬᠡᠭ / ᠦᠬᠡᠷ︶ ᠬᠠᠩᠭᠠᠵᠤ᠂ ᠳᠡᠯᠭᠡᠷᠡᠭᠦᠯᠦᠭᠰᠡᠨ ᠢᠴᠡᠭᠡᠯ ᠦᠷ᠎ᠡ ᠨᠢ ᠴᠥᠮ ᠰᠢᠮᠧᠨ᠋ᠳᠠᠷ ᠪᠣᠯᠣᠨ᠎ᠠ᠂ ᠣᠳᠣᠬᠠᠨ ᠳᠤ ᠰᠢᠮᠧᠨ᠋ᠳᠡᠷ ᠦᠬᠡᠷ ᠤᠨ ᠲᠤᠭ᠎ᠠ 5.1 ᠲᠦᠮᠡ ᠰᠢᠬᠠᠮ ᠪᠠᠶᠢᠨ᠎ᠠ᠃ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠴᠢᠳᠠᠪᠤᠷᠢ ᠶᠢ ᠴᠢᠩᠭᠠᠳᠬᠠᠵᠤ᠂ ᠬᠠᠪᠤᠷ ᠨᠠᠮᠤᠷ ᠤᠨ ᠬᠤᠶᠠᠷ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ 10 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠂ ᠰᠢᠯᠦᠬᠡᠢ ᠡᠪᠡᠳᠴᠢᠨ᠂ ᠦᠬᠡᠷ ᠬᠤᠨᠢᠨ ᠤ ᠪᠷᠦ᠋ᠼᠧᠯ ᠡᠪᠡᠳᠴᠢᠨ ᠤ ᠠᠯᠪᠠᠳᠠᠯᠭ᠎ᠠ ᠪᠠᠷ ᠥᠯᠥ ᠬᠠᠯᠳᠠᠭᠠᠬᠤ ᠨᠢᠭᠲᠠᠴᠠ ᠶᠢ 100% ᠳᠤ ᠬᠦᠷᠦᠭᠦᠯᠪᠡ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2