ᠰᠢ ᠶᠢᠨ ᠫᠢᠩ ᠵᠠᠬᠢᠳᠠᠯ ᠢᠯᠡᠭᠡᠵᠦ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠳᠤ ᠪᠠᠶᠠᠷ ᠬᠦᠷᠭᠡᠬᠦ ᠳᠡᠭᠡᠨ ᠴᠢᠬᠤᠯᠠᠴᠢᠯᠠᠭᠰᠠᠨ ᠨᠢ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠨᠠᠮ ᠤᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦᠯᠵᠦ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠸᠠᠩ ᠬᠤ᠋ ᠨᠢᠩ ᠪᠡᠯᠭᠡᠯᠡᠬᠦ ᠶᠡᠭᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/11/9
 ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 24 ᠤ ᠴᠠᠬᠢᠯᠭᠠᠨ ᠮᠡᠳᠡᠭᠡ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠠᠯᠠᠭᠤᠨ ᠪᠠᠶᠠᠷ ᠬᠦᠷᠭᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠪᠦᠬᠦ ᠺᠠᠳ᠋ᠷ ᠠᠵᠢᠯᠲᠠᠨ ᠠᠵᠢᠯᠴᠢᠨ ᠪᠣᠯᠣᠨ ᠪᠦᠬᠦ ᠤᠯᠤᠰ ᠤᠨ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠪᠣᠯ ᠨᠠᠮ ᠤᠨ ᠨᠢᠭᠡᠳᠦᠮᠡᠯ ᠹᠷᠣᠨᠲ ᠤᠨ ᠠᠵᠢᠯ ᠪᠣᠯᠣᠨ ᠠᠵᠤ ᠠᠬᠤᠢ ᠶᠢᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ 70 ᠵᠢᠯ ᠤᠨ ᠲᠤᠷᠰᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠠᠵᠢᠯ ᠳᠤ ᠦᠢᠯᠡᠴᠢᠯᠡᠬᠦ ᠶᠢᠨ ᠲᠣᠭᠤᠷᠢᠨ ᠳᠤ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠠᠭᠤᠤ ᠶᠡᠭᠡ ᠦᠢᠯᠡᠳᠦᠯᠭᠡ ᠳᠤᠮᠳᠠ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠨᠠᠮ ᠤᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦᠯᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠪᠡ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠨᠡᠨ ᠬᠦ ᠲᠤᠭᠤᠰᠢᠯᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃     ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 24 ᠤ ᠡᠳᠦᠷ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠤᠨ ᠵᠠᠬᠢᠳᠠᠯ ᠢᠯᠡᠭᠡᠵᠦ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠨᠤᠲᠠᠯᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠠᠴᠢ ᠬᠤᠯᠪᠣᠭᠳᠠᠯ᠂ ᠴᠢᠭᠯᠡᠯ᠂ ᠭᠤᠣᠯ ᠰᠡᠳᠦᠪ᠂ ᠡᠭᠦᠷᠭᠡ ᠶᠢ ᠲᠣᠳᠣᠷᠬᠠᠶᠢᠯᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠲᠤ ᠨᠠᠨᠳᠢᠨ ᠬᠦᠰᠡᠯ ᠨᠠᠶᠢᠳᠠᠯᠭ᠎ᠠ ᠪᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠰᠠᠶᠢᠲᠤᠷ ᠬᠢᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃ ᠸᠠᠩ ᠬᠤ᠋ ᠨᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯ ᠨᠠᠮ ᠤᠨ ᠤᠳᠤᠷᠢᠳᠤᠭᠰᠠᠨ ᠠᠷᠠᠳ ᠤᠨ ᠪᠦᠯᠬᠦᠮ ᠪᠣᠯᠣᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠪᠣᠯ ᠨᠠᠮ ᠪᠣᠯᠣᠨ ᠤᠯᠤᠰ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠰᠢᠨ᠎ᠡ ᠠᠶᠠᠨ ᠳᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠭᠤᠣᠯ ᠡᠭᠦᠷᠭᠡ ᠶᠢ ᠪᠠᠲᠤ ᠡᠵᠡᠮᠳᠡᠵᠦ᠂ ᠢᠲᠡᠭᠡᠬᠦ᠂ ᠪᠦᠯᠬᠦᠮᠳᠡᠬᠦ᠂ ᠦᠢᠯᠡᠴᠢᠯᠡᠬᠦ᠂ ᠬᠥᠲᠥᠯᠥᠨ ᠵᠢᠯᠤᠭᠤᠳᠬᠤ᠂ ᠰᠤᠷᠭᠠᠨ ᠬᠥᠮᠥᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ︽ᠬᠤᠶᠠᠷ ᠡᠷᠡᠭᠦᠯ ᠮᠡᠨᠳᠤ︾ ᠶᠢ ᠠᠬᠢᠭᠤᠯᠬᠤ ᠠᠵᠢᠯ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠬᠦᠴᠦᠨ ᠴᠢᠳᠠᠯ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠤᠬᠠᠮᠰᠠᠷ ᠠᠴᠠ ᠪᠠᠨ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ᠃ ᠤᠯᠤᠰ ᠲᠦᠷᠦ ᠪᠠᠷ ᠬᠤᠯᠪᠣᠭ᠎ᠠ ᠪᠠᠶᠢᠭᠤᠯᠬᠤ᠂ ᠪᠦᠯᠬᠦᠮᠳᠡᠨ ᠬᠤᠯᠪᠣᠭ᠎ᠠ ᠪᠠᠶᠢᠭᠤᠯᠬᠤ᠂ ᠦᠢᠯᠡᠴᠢᠯᠡᠭᠡ ᠪᠠᠷ ᠬᠤᠯᠪᠣᠭ᠎ᠠ ᠪᠠᠨ ᠮᠠᠨᠳᠤᠭᠤᠯᠬᠤ᠂ ᠥᠭᠡᠷᠡᠴᠢᠯᠡᠯᠲᠡ ᠪᠠᠷ ᠬᠤᠯᠪᠣᠭ᠎ᠠ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠢᠮᠠᠭᠲᠠ ᠪᠠᠷᠢᠮᠲᠠᠯᠠᠨ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠤᠷᠢᠳ ᠬᠤᠵᠢᠳ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠠᠷᠠᠳ ᠤᠨ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠦᠩ ᠶᠡᠭᠡ ᠬᠤᠷᠠᠯ ᠳᠤ ᠣᠷᠣᠯᠴᠠᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ ᠶᠡᠭᠡ ᠬᠤᠷᠠᠯ ᠢ ᠡᠷᠬᠢᠯᠡᠪᠡ᠃     ᠶᠡᠭᠡ ᠬᠤᠷᠠᠯ ᠠᠴᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃     ᠬᠤᠷᠠᠯ ᠠᠴᠠ ᠡᠮᠦᠨ᠎ᠡ᠂ ᠸᠠᠩ ᠬᠤ᠋ ᠨᠢᠩ ᠵᠡᠷᠭᠡ ᠤᠳᠤᠷᠢᠳᠬᠤ ᠨᠥᠬᠦᠳ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠥᠬᠢᠭᠦᠯᠦᠭᠳᠡᠨ ᠰᠠᠶᠢᠰᠢᠶᠠᠭᠳᠠᠭᠰᠠᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠣᠯᠣᠨ ᠲᠡᠷᠢᠭᠦᠨ ᠤ ᠠᠵᠢᠯᠲᠠᠳ ᠲᠠᠢ ᠠᠭᠤᠯᠵᠠᠵᠠᠢ᠃     ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ ᠬᠠᠷᠢᠭᠤᠴᠠᠯᠭᠠᠲᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠲᠥᠯᠥᠭᠡᠯᠡᠭᠴᠢ᠂ ᠬᠥᠬᠢᠭᠦᠯᠦᠯ ᠭᠥᠷᠳᠡᠭᠰᠡᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠠ ᠲᠡᠷᠢᠭᠦᠨ ᠤ ᠠᠵᠢᠯᠲᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2