︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ — ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ
ᠨᠡᠶᠢᠲᠡᠯᠡᠭᠰᠡᠨ ᠴᠠᠭ᠄
2023/11/9
         ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠭᠢᠯᠭᠠᠨ ᠮᠡᠳᠡᠭᠡ 10 ᠰᠠᠷ᠎ᠠ ᠶᠢᠨ 16 ᠤ ᠡᠳᠦᠷ ᠬᠡᠪᠯᠡᠭᠳᠡᠬᠦ 20 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃     ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠴᠢᠬᠤᠯᠠ ᠶᠡᠭᠡ ᠡᠭᠦᠷᠭᠡ ᠶᠢ ᠳᠤᠷᠠᠳᠴᠤ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ᠃ ᠪᠢᠳᠡ ᠡᠨᠡ ᠬᠦ ᠰᠡᠳᠦᠪ ᠢᠶᠠᠷ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ ᠪᠠᠶᠢᠭ᠎ᠠ ᠶᠢᠨ ᠵᠣᠷᠢᠯᠭ᠎ᠠ ᠪᠣᠯ ᠨᠠᠮ ᠤᠨ ᠤᠨᠤᠯ ᠤᠨ ᠰᠢᠨ᠎ᠡ ᠶᠢ ᠡᠭᠦᠳᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠤᠨᠤᠯ ᠤᠨ ᠰᠢᠨ᠎ᠡ ᠶᠢ ᠡᠭᠦᠳᠬᠦ ᠣᠷᠣᠨ ᠪᠠᠶᠢᠷᠢ᠂ ᠴᠢᠭᠯᠡᠯ᠂ ᠠᠷᠭ᠎ᠠ ᠶᠢ ᠤᠯᠠᠮ ᠲᠣᠳᠣᠷᠬᠠᠢ ᠪᠤᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠨᠤᠯ ᠤᠨ ᠰᠢᠨ᠎ᠡ ᠶᠢ ᠡᠭᠦᠳᠦᠭᠰᠡᠨ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠵᠠᠢ᠃     ᠵᠣᠬᠢᠶᠠᠯ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠡᠷᠭᠢᠴᠡᠭᠦᠯᠪᠡᠯ᠂ ᠮᠠᠨ ᠤ ᠨᠠᠮ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠴᠢᠬᠤᠯᠠ ᠶᠡᠭᠡ ᠠᠮᠵᠢᠯᠲᠠ ᠣᠯᠵᠤ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠪᠤᠰᠤᠳ ᠤᠯᠤᠰ ᠲᠦᠷᠦ ᠶᠢᠨ ᠬᠦᠴᠦᠨ ᠤ ᠪᠡᠶᠡᠯᠡᠭᠦᠯᠵᠦ ᠳᠡᠶᠢᠯᠦᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠭᠰᠡᠨ ᠪᠥᠭᠡᠳ ᠰᠢᠨ᠎ᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠡᠵᠡᠮᠰᠢᠭᠰᠡᠨ ᠳᠤ ᠣᠷᠣᠰᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠡᠦᠬᠡᠨ ᠲᠤᠷᠰᠢᠯᠭ᠎ᠠ ᠶᠢ ᠳ᠋ᠦᠩᠨᠡᠭᠰᠡᠨ ᠤ ᠰᠠᠭᠤᠷᠢᠨ ᠳᠡᠭᠡᠷ᠎ᠡ᠂ ︽ᠬᠤᠶᠠᠷ ᠢ ᠤᠶᠠᠯᠳᠤᠭᠤᠯᠬᠤ︾᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠵᠡᠷᠭᠡ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠳᠤᠷᠠᠳᠤᠨ ᠭᠠᠷᠭᠠᠭᠰᠠᠨ ᠪᠥᠭᠡᠳ ᠲᠣᠳᠣᠷᠬᠠᠶᠢᠯᠠᠨ ᠥᠭᠦᠯᠡᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃     ᠵᠣᠬᠢᠶᠠᠯ ᠳᠤ᠂ ᠤᠨᠤᠯ ᠤᠨ ᠰᠢᠨ᠎ᠡ ᠶᠢ ᠡᠭᠦᠳᠬᠦ ᠶᠢᠨ ᠰᠦᠭ ᠰᠦᠨᠡᠰᠦ ᠪᠠ ᠤᠭ ᠦᠨᠳᠦᠰᠦ ᠶᠢ ᠢᠮᠠᠭᠲᠠ ᠪᠠᠲᠤ ᠰᠠᠬᠢᠬᠤ ᠬᠡᠷᠡᠭᠲᠡᠢ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ ᠪᠢᠳᠡ ᠮᠠᠷᠺᠰ ᠤᠨ ᠦᠵᠡᠯ ᠡᠨᠡ ᠬᠦ ᠰᠦᠭ ᠰᠦᠨᠡᠰᠦ ᠶᠢ ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠡᠨᠡ ᠬᠦ ᠤᠭ ᠦᠨᠳᠦᠰᠦ ᠶᠢ ᠶᠠᠭᠠᠬᠢᠭᠰᠠᠨ ᠴᠤ ᠬᠠᠶᠠᠵᠤ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ᠃ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠰᠠᠭᠤᠷᠢ ᠪᠠ ᠤᠷᠢᠲᠠᠯ ᠮᠥᠨ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠨᠢ ᠴᠦ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠨᠡᠩ ᠰᠠᠶᠢᠲᠤᠷ ᠪᠠᠲᠤ ᠰᠠᠬᠢᠬᠤ ᠶᠢᠨ ᠲᠥᠯᠥᠭᠡ ᠶᠤᠮ᠃ ᠡᠷᠬᠡᠪᠰᠢ ᠮᠠᠷᠺᠰ ᠤᠨ ᠦᠵᠡᠯ ᠡᠨᠡ ᠬᠦ ᠨᠠᠮ ᠪᠠᠶᠢᠭᠤᠯᠵᠤ ᠤᠯᠤᠰ ᠪᠠᠶᠢᠭᠤᠯᠬᠤ᠂ ᠨᠠᠮ ᠢ ᠮᠠᠨᠳᠤᠭᠤᠯᠵᠤ ᠤᠯᠤᠰ ᠢᠶᠠᠨ ᠮᠠᠨᠳᠤᠭᠤᠯᠬᠤ ᠦᠨᠳᠦᠰᠦ ᠶᠢ ᠭᠤᠶᠢᠪᠢᠰᠢ ᠦᠭᠡᠢ ᠪᠠᠷᠢᠮᠲᠠᠯᠠᠵᠤ᠂ ᠲᠤᠰ ᠤᠯᠤᠰ ᠲᠠᠭᠠᠨ ᠦᠨᠳᠦᠰᠦᠯᠡᠬᠦ᠂ ᠲᠤᠰ ᠦᠨᠳᠦᠰᠦᠲᠡᠨ ᠤ ᠪᠠᠨ ᠲᠡᠦᠬᠡ ᠰᠣᠶᠣᠯ ᠤᠨ ᠰᠢᠮᠡᠲᠦ ᠬᠥᠷᠥᠰᠥᠨ ᠳᠤ ᠮᠠᠷᠺᠰ ᠤᠨ ᠦᠵᠡᠯ ᠢ ᠬᠥᠭᠵᠢᠭᠦᠯᠬᠦ ᠶᠢ ᠵᠣᠭᠰᠣᠰᠢ ᠦᠭᠡᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠪᠦᠲᠦᠮᠵᠢᠲᠡᠢ ᠨᠠᠪᠲᠠᠷᠡᠭᠦᠯᠵᠦ᠂ ᠰᠢᠨ᠎ᠡ ᠤᠨᠤᠯ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠢᠨ᠎ᠡ ᠦᠵᠡᠯ ᠰᠠᠨᠠᠭᠠᠨ ᠤ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ᠃ ᠤᠨᠤᠯ ᠤᠨ ᠬᠠᠷᠠᠭ᠎ᠠ ᠪᠠᠨ ᠥᠷᠭᠡᠳᠬᠡᠵᠦ᠂ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ ᠲᠣᠯᠢ ᠪᠤᠯᠭᠠᠵᠤ᠂ ︽ᠬᠥᠮᠥᠨ ᠲᠥᠷᠥᠯᠬᠢᠲᠡᠨ ᠤ ᠮᠡᠳᠡᠯᠭᠡ ᠶᠢᠨ ᠶᠡᠷᠦᠩᠬᠡᠢ ᠨᠡᠶᠢᠯᠡᠪᠦᠷᠢ︾ ᠶᠢᠨ ᠳᠤᠮᠳᠠ ᠠᠴᠠ ᠰᠢᠯᠢᠳᠡᠭ ᠦᠵᠡᠯ ᠰᠠᠨᠠᠭ᠎ᠠ ᠰᠣᠶᠣᠯ ᠤᠨ ᠡᠬᠢ ᠪᠠᠶᠠᠯᠢᠭ ᠢ ᠰᠢᠩᠭᠡᠬᠡᠨ ᠠᠪᠴᠤ ᠨᠠᠮ ᠤᠨ ᠤᠨᠤᠯ ᠢ ᠰᠢᠨᠡᠴᠢᠯᠡᠨ ᠬᠥᠭᠵᠢᠭᠦᠯᠵᠦ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠪᠤᠰᠤᠳ ᠤᠨ ᠰᠠᠶᠢᠨ ᠢ ᠥᠷᠭᠡᠨ ᠢᠶᠠᠷ ᠰᠢᠩᠭᠡᠬᠡᠨ ᠠᠪᠬᠤ ᠤᠨᠤᠯ ᠤᠨ ᠶᠡᠭᠡ ᠪᠠᠶᠢᠷᠢᠰᠢᠯ ᠶᠡᠭᠡ ᠳᠦᠷᠰᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠴᠠᠭ ᠦᠶ᠎ᠡ ᠶᠢᠨ ᠰᠢᠨ᠎ᠡ ᠰᠡᠳᠦᠪ ᠲᠤ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠬᠦ ᠬᠡᠷᠡᠭᠲᠡᠢ᠃ ᠴᠠᠭ ᠦᠶ᠎ᠡ ᠶᠢ ᠵᠠᠭᠠᠭᠯᠠᠭᠰᠠᠨ ᠠᠯᠢᠪᠠ ᠤᠨᠤᠯ ᠪᠣᠯ ᠴᠥᠮ ᠴᠠᠭ ᠦᠶ᠎ᠡ ᠶᠢᠨ ᠬᠡᠷᠡᠭᠴᠡᠭᠡ ᠶᠢ ᠬᠠᠩᠭᠠᠭᠰᠠᠨ ᠪᠦᠲᠦᠭᠡᠭᠳᠡᠬᠦᠨ ᠮᠥᠨ᠃ ᠤᠨᠤᠯ ᠤᠨ ᠦᠰᠦᠷᠦᠯᠲᠡ ᠨᠢ ᠦᠭᠡ ᠥᠭᠦᠯᠡᠪᠦᠷᠢ ᠶᠢᠨ ᠰᠢᠨ᠎ᠡ ᠰᠡᠪᠡᠭᠦᠨ ᠢ ᠪᠦᠲᠦᠭᠡᠬᠦ ᠳᠡᠭᠡᠷ᠎ᠡ ᠢᠯᠡᠷᠡᠬᠦ ᠪᠢᠰᠢ᠂ ᠯᠣᠭᠢᠭ ᠤᠨ ᠥᠪᠡᠷ ᠢ ᠪᠠᠨ ᠵᠣᠬᠢᠴᠠᠭᠤᠯᠤᠨ ᠭᠡᠷᠡᠴᠢᠯᠡᠬᠦ ᠳᠡᠭᠡᠷ᠎ᠡ ᠴᠦ ᠢᠯᠡᠷᠡᠬᠦ ᠪᠢᠰᠢ᠂ ᠡᠴᠦᠰ ᠤᠨ ᠡᠴᠦᠰ ᠲᠡᠭᠡᠨ ᠦᠢᠯᠡᠳᠦᠯᠭᠡ ᠶᠢᠨ ᠠᠰᠠᠭᠤᠳᠠᠯ ᠢ ᠬᠠᠷᠢᠭᠤᠯᠬᠤ᠂ ᠦᠢᠯᠡᠳᠦᠯᠭᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠡᠭᠡᠷ᠎ᠡ ᠢᠯᠡᠷᠡᠬᠦ ᠬᠡᠷᠡᠭᠲᠡᠢ᠃ ᠮᠠᠷᠺᠰ ᠤᠨ ᠦᠵᠡᠯ ᠪᠣᠯ ᠦᠢᠯᠡᠳᠦᠯᠭᠡ ᠶᠢᠨ ᠣᠨᠣᠯ ᠮᠥᠨ᠃ ᠪᠢᠳᠡᠨ ᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠪᠠᠶᠢᠭ᠎ᠠ ᠨᠢ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠮᠥᠨ᠂ ᠬᠠᠷᠢᠨ ᠬᠦᠰᠡᠯᠡᠩᠲᠦ ᠤᠷᠴᠢᠰ ᠲᠤ ᠰᠠᠭᠤᠵᠤ ᠲᠥᠰᠥᠭᠡᠯᠡᠭᠰᠡᠨ ᠬᠡᠢ ᠪᠤᠳᠤᠯ ᠪᠢᠰᠢ᠂ ᠡᠷᠬᠡᠪᠰᠢ ᠦᠢᠯᠡᠳᠦᠯᠭᠡ ᠶᠢᠨ ᠳᠤᠮᠳᠠ ᠦᠨᠡᠨ ᠶᠣᠰᠣ ᠶᠢ ᠢᠯᠡᠷᠡᠭᠦᠯᠬᠦ᠂ ᠦᠨᠡᠨ ᠶᠣᠰᠣ ᠶᠢ ᠬᠥᠭᠵᠢᠭᠦᠯᠬᠦ᠂ ᠦᠢᠯᠡᠳᠦᠯᠭᠡ ᠪᠠᠷ ᠦᠨᠡᠨ ᠶᠣᠰᠣ ᠶᠢ ᠪᠡᠶᠡᠯᠡᠭᠦᠯᠬᠦ᠂ ᠦᠨᠡᠨ ᠶᠣᠰᠣ ᠶᠢ ᠰᠢᠯᠭᠠᠬᠤ ᠶᠢ ᠪᠠᠷᠢᠮᠲᠠᠯᠠᠬᠤ ᠬᠡᠷᠡᠭᠲᠡᠢ᠃ ᠥᠨᠥᠳᠥᠷ᠂ ᠪᠢᠳᠡᠨ ᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠠᠬᠢᠭᠤᠯᠬᠤ ᠡᠭᠦᠷᠭᠡ ᠬᠥᠩᠭᠡᠷᠡᠭᠰᠡᠨ ᠪᠢᠰᠢ᠂ ᠬᠠᠷᠢᠨ ᠨᠡᠩ ᠬᠦᠨᠳᠦᠷᠡᠪᠡ᠃ ᠶᠡᠭᠡ ᠲᠡᠦᠬᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠨᠡᠩ ᠥᠷᠭᠡᠨ ᠬᠠᠷᠠᠭᠠᠰᠤ᠂ ᠨᠡᠩ ᠠᠯᠤᠰ ᠭᠡᠳᠦ ᠶᠢᠨ ᠬᠠᠷᠠᠴᠠ ᠪᠠᠷ ᠳᠡᠯᠡᠬᠡᠢ ᠶᠢᠨ ᠲᠡᠦᠬᠡ ᠶᠢᠨ ᠬᠥᠭᠵᠢᠯᠲᠡ ᠶᠢᠨ ᠰᠤᠳᠠᠰᠤ ᠪᠠ ᠵᠥᠪ ᠴᠢᠭᠯᠡᠯ ᠢ ᠡᠵᠡᠮᠳᠡᠵᠦ᠂ ᠮᠠᠨ ᠤ ᠤᠯᠤᠰ ᠤᠨ ᠨᠡᠶᠢᠭᠡᠮ ᠤᠨ ᠬᠥᠭᠵᠢᠯᠲᠡ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠯᠣᠭᠢᠭ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡ ᠶᠢᠨ ᠤᠯᠠᠷᠢᠯ ᠬᠤᠪᠢᠰᠤᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠪᠣᠳᠠᠲᠤ ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ ᠪᠦᠲᠦᠮᠵᠢᠲᠡᠢ ᠠᠷᠭᠠᠴᠠᠭᠠᠬᠤ ᠪᠣᠳᠣᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠳᠤᠷᠠᠳᠤᠨ ᠭᠠᠷᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠬᠦᠴᠦᠷᠬᠡᠭ ᠶᠡᠭᠡ᠂ ᠨᠡᠩ ᠢᠲᠡᠭᠡᠭᠦᠯᠬᠦ ᠬᠦᠴᠦᠨ ᠲᠠᠢ ᠦᠨᠡᠨ ᠶᠣᠰᠣᠨ ᠤ ᠬᠦᠴᠦᠨ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠠᠬᠢᠭᠤᠯᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ ᠮᠥᠨ᠃ ᠮᠠᠷᠺᠰ ᠤᠨ ᠦᠵᠡᠯ ᠭᠦᠨᠵᠡᠭᠡᠢ ᠨᠥᠯᠥᠭᠡ ᠲᠠᠢ ᠪᠠᠶᠢᠳᠠᠭ ᠤᠨ ᠰᠢᠯᠲᠠᠭᠠᠨ ᠨᠢ ᠭᠦᠨ ᠭᠦᠨᠵᠡᠭᠡᠢ ᠵᠦᠢ ᠶᠣᠰᠣ ᠪᠠᠷ ᠢᠶᠠᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠡᠨ ᠶᠣᠰᠣᠴᠢ ᠴᠢᠨᠠᠷ ᠢ ᠢᠯᠡᠷᠡᠭᠦᠯᠵᠦ᠂ ᠪᠦᠷᠢᠨ ᠲᠡᠭᠦᠯᠳᠡᠷ ᠰᠢᠰᠲ᠋ᠧᠮ ᠢᠶᠠᠷ ᠢᠶᠠᠨ ᠲᠡᠭᠦᠨ ᠤ ᠤᠨᠤᠯ ᠤᠨ ᠰᠢᠨᠵᠢᠯᠡᠬᠦ ᠤᠬᠠᠭᠠᠨᠴᠢ ᠴᠢᠨᠠᠷ ᠢ ᠨᠤᠲᠠᠯᠠᠭᠰᠠᠨ ᠳᠤ ᠣᠷᠣᠰᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠭᠵᠢᠯᠲᠡ ᠪᠣᠯ ᠲᠠᠰᠤᠷᠠᠯᠲᠠ ᠦᠭᠡᠢ ᠪᠠᠶᠠᠯᠢᠭᠵᠢᠨ ᠥᠷᠭᠡᠵᠢᠬᠦ ᠶᠢᠨ ᠬᠠᠮᠲᠤ ᠲᠠᠰᠤᠷᠠᠯᠲᠠ ᠦᠭᠡᠢ ᠰᠢᠰᠲ᠋ᠧᠮᠵᠢᠬᠦ᠂ ᠵᠦᠢ ᠶᠣᠰᠣᠵᠢᠬᠤ ᠶᠠᠪᠤᠴᠠ ᠮᠥᠨ᠃ ᠦᠢᠯᠡᠳᠦᠯᠭᠡ ᠶᠢᠨ ᠠᠬᠢᠴᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠨᠠᠮ ᠤᠨ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠠᠮ ᠶᠠᠪᠤᠬᠤ ᠲᠤᠳᠤᠮ ᠪᠠᠶᠠᠯᠢᠭᠵᠢᠬᠤ ᠪᠣᠯᠣᠨ᠎ᠠ᠃ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠨᠠᠮ ᠤᠨ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ ᠨᠤᠲᠠᠯᠠᠯᠲᠠ ᠶᠢᠨ ᠤᠭ ᠶᠣᠰᠣᠨ ᠤ ᠴᠢᠨᠠᠷᠲᠠᠢ ᠤᠨᠤᠯ ᠤᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠰᠤᠳᠤᠯᠤᠨ ᠲᠠᠶᠢᠯᠪᠤᠷᠢᠯᠠᠵᠤ᠂ ᠳᠣᠲᠣᠭᠠᠳᠤ ᠶᠢᠨ ᠬᠢᠨᠢ ᠬᠠᠷᠢᠴᠠᠭ᠎ᠠ ᠶᠢ ᠡᠵᠡᠮᠳᠡᠵᠦ᠂ ᠪᠦᠭᠦ ᠨᠠᠮ ᠪᠦᠭᠦ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠨᠤᠯ ᠤᠨ ᠰᠢᠰᠲ᠋ᠧᠮ ᠢ ᠨᠡᠩ ᠰᠠᠶᠢᠲᠤᠷ ᠰᠤᠷᠤᠯᠴᠠᠨ ᠡᠵᠡᠮᠰᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠠᠷᠠᠳ ᠤᠯᠠᠨ ᠤ ᠡᠭᠦᠳᠦᠨ ᠪᠦᠲᠦᠭᠡᠯᠲᠡ ᠳᠤᠮᠳᠠ ᠠᠴᠠ ᠤᠨᠤᠯ ᠤᠨ ᠰᠢᠨ᠎ᠡ ᠶᠢ ᠡᠭᠦᠳᠬᠦ ᠤᠶᠤᠨ ᠤᠬᠠᠭᠠᠨ ᠢ ᠰᠢᠩᠭᠡᠬᠡᠨ ᠠᠪᠬᠤ ᠶᠢ ᠴᠢᠬᠤᠯᠠᠴᠢᠯᠠᠬᠤ ᠬᠡᠷᠡᠭᠲᠡᠢ᠃ ᠮᠠᠷᠺᠰ ᠤᠨ ᠦᠵᠡᠯ ᠪᠣᠯ ᠠᠷᠠᠳ ᠲᠦᠮᠡᠨ ᠤ ᠲᠥᠯᠥᠭᠡ ᠦᠭᠡ ᠬᠡᠯᠡᠵᠦ᠂ ᠠᠷᠠᠳ ᠲᠦᠮᠡᠨ ᠤ ᠲᠥᠯᠥᠭᠡ ᠣᠷᠣᠯᠠᠨ ᠥᠭᠦᠯᠡᠬᠦ ᠤᠨᠤᠯ ᠮᠥᠨ᠂ ᠠᠷᠠᠳ ᠲᠦᠮᠡᠨ ᠤ ᠬᠤᠪᠢ ᠵᠠᠶᠠᠭ᠎ᠠ ᠶᠢ ᠬᠤᠪᠢᠷᠠᠭᠤᠯᠬᠤ ᠶᠢᠨ ᠲᠥᠯᠥᠭᠡ ᠡᠭᠦᠳᠦᠨ ᠪᠦᠲᠦᠭᠡᠵᠦ᠂ ᠠᠷᠠᠳ ᠲᠦᠮᠡᠨ ᠤ ᠴᠢᠯᠦᠭᠡᠯᠡᠯᠲᠡ ᠶᠢ ᠡᠷᠢᠯᠬᠢᠯᠡᠬᠦ ᠦᠢᠯᠡᠳᠦᠯᠭᠡ ᠶᠢᠨ ᠳᠤᠮᠳᠠ ᠪᠠᠶᠠᠯᠢᠭᠵᠢᠨ ᠬᠥᠭᠵᠢᠭᠰᠡᠨ ᠶᠤᠮ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠮᠠᠷᠺᠰ ᠤᠨ ᠦᠵᠡᠯ ᠤᠨ ᠤᠨᠤᠯ ᠤᠨ ᠰᠢᠨ᠎ᠡ ᠶᠢ ᠡᠭᠦᠳᠬᠦ ᠰᠢᠷᠭᠢᠰᠢ ᠦᠭᠡᠢ ᠡᠬᠢ ᠪᠤᠯᠠᠭ ᠮᠥᠨ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠦᠷ᠎ᠡ ᠪᠦᠲᠦᠭᠡᠯ ᠪᠣᠯ ᠴᠥᠮ ᠨᠠᠮ ᠪᠠ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠲᠤ ᠶᠢᠨ ᠤᠶᠤᠨ ᠤᠬᠠᠭᠠᠨ ᠤ ᠤᠭᠢ ᠪᠦᠲᠦᠭᠡᠯ ᠮᠥᠨ᠃ ᠪᠢᠳᠡ ᠡᠯ᠎ᠡ ᠵᠦᠢᠯ ᠤᠨ ᠠᠵᠢᠯ ᠤᠨ ᠦᠢᠯᠡᠳᠦᠯᠭᠡ ᠳᠡᠭᠡᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠠᠭᠠᠨ ᠴᠤ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠶᠢᠨ ᠳᠤᠮᠳᠠ ᠠᠴᠠ ᠰᠢᠨ᠎ᠡ ᠰᠣᠷᠭᠤᠭ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠣᠶᠤᠨᠯᠢᠭ ᠲᠠᠨᠢᠯᠲᠠ ᠪᠣᠯᠭᠠᠨ ᠳᠡᠭᠡᠭᠰᠢᠯᠡᠭᠦᠯᠵᠦ᠂ ᠰᠢᠨ᠎ᠡ ᠤᠨᠤᠯ ᠤᠨ ᠦᠷ᠎ᠡ ᠪᠦᠲᠦᠭᠡᠯ ᠢ ᠰᠢᠷᠭᠠᠭᠠᠨ ᠪᠤᠯᠪᠠᠰᠤᠷᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠲᠦᠭ ᠲᠦᠮᠡᠨ ᠠᠷᠠᠳ ᠤᠨ ᠰᠡᠳᠬᠢᠯ ᠳᠤ ᠬᠠᠳᠠᠩᠰᠢᠭᠤᠯᠵᠤ᠂ ᠠᠮᠢᠳᠤᠷᠠᠯ ᠳᠤ ᠣᠶᠢᠷᠠᠲᠤᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠰᠠᠨᠠᠭᠠᠨ ᠳᠤ ᠨᠡᠶᠢᠴᠡᠵᠦ᠂ ᠠᠷᠠᠳ ᠤᠨ ᠰᠡᠳᠬᠢᠯ ᠢ ᠣᠯᠣᠭᠰᠠᠨ ᠤᠨᠤᠯ ᠪᠤᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2