ᠴᠢ ᠹᠧᠢ ᠶᠦᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/9
   11 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠵᠢᠨᠢᠩ ᠲᠣᠭᠤᠷᠢᠭ ᠲᠤ ᠭᠦᠨᠵᠡᠭᠡᠶᠢᠷᠡᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠬᠤᠲᠠ ᠶᠢᠨ ᠬᠠᠯᠠᠭᠤᠨ ᠳᠤᠯᠠᠭᠠᠨ ᠭᠡᠷ ᠪᠠ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠨ ᠵᠢᠯᠣᠭᠤᠳᠪᠠ᠃     ᠴᠢ ᠹᠧᠢ ᠶᠦᠨ ᠤᠷᠢᠳ ᠬᠤᠵᠢᠳ ᠴᠢᠯᠠᠭᠤᠨ ᠲᠣᠰᠣᠨ ᠤ ᠺᠣᠮᠫᠠᠨᠢ ᠶᠢᠨ ᠭᠡᠷ ᠪᠦᠯᠢ ᠶᠢᠨ ᠰᠠᠭᠤᠭᠠᠯᠢ ᠠᠰᠠᠷ᠂ ᠬᠤ᠋ ᠱᠠᠨ ᠤ ᠡᠷᠲᠡᠨ ᠤ ᠬᠤᠲᠠ ︽ᠬᠤᠲᠠ ᠶᠢᠨ ᠬᠠᠯᠠᠭᠤᠨ ᠳᠤᠯᠠᠭᠠᠨ ᠭᠡᠷ︾᠂ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠬᠢᠴᠠ ᠶᠢ ᠴᠢᠨᠠᠭᠰᠢᠳᠠ ᠲᠦᠷᠭᠡᠳᠬᠡᠵᠦ᠂ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ ᠭᠤᠣᠯᠴᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠰᠢᠢᠳᠪᠦᠷᠢᠯᠡᠵᠦ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠤ ᠠᠮᠠᠷᠠᠯᠲᠠ ᠶᠢᠨ ᠲᠠᠰᠤᠭ ᠵᠢᠴᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢ ᠰᠠᠶᠢᠲᠤᠷ ᠲᠥᠯᠥᠪᠵᠢᠭᠦᠯᠦᠨ ᠪᠠᠶᠢᠭᠤᠯᠵᠤ᠂ ᠤᠯᠠᠨ ᠲᠦᠮᠡᠨ ᠤ ᠨᠠᠷᠢᠯᠢᠭ᠂ ᠳᠥᠭᠦᠮ ᠳᠥᠲᠡ᠂ ᠲᠠᠭᠠᠯᠠᠮᠵᠢᠲᠠᠢ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠠᠷᠢᠯᠭ᠎ᠠ ᠶᠢᠨ ᠬᠦᠷᠢᠶᠡᠨ ᠤ ᠴᠠᠭᠠᠨ ᠳᠠᠩᠰᠠ᠂ ᠬᠠᠷ᠎ᠠ ᠳᠠᠩᠰᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠯᠥᠰᠦᠨ ᠠᠵᠢᠯᠴᠢᠨ ᠤ ᠴᠠᠯᠢᠩ ᠢ ᠭᠦᠢᠴᠡᠳ ᠲᠤᠭ᠎ᠠ ᠪᠠᠷ ᠥᠭᠬᠦ ᠶᠢ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ ᠭᠡᠵᠦ ᠬᠡᠯᠡᠪᠡ  ᠃     ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ᠂ ᠴᠢ ᠹᠧᠢ ᠶᠦᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠪᠠᠲᠤ ᠪᠤᠢ ᠪᠣᠯᠭᠠᠵᠤ᠂ ᠪᠣᠳᠠᠲᠠᠢ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0 ᠬᠡᠪᠯᠡᠯ ᠵᠡᠷᠭᠡ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠢ᠃ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠪᠠᠶᠢᠯᠭᠠᠬᠤ ᠳᠤ ᠰᠠᠭᠤᠷᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠷᠣᠨ ᠵᠠᠢ ᠶᠢᠨ ᠪᠠᠶᠢᠷᠢᠰᠢᠯ ᠢ ᠵᠦᠢ ᠵᠣᠬᠢᠰᠲᠠᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠣᠷᠣᠯᠴᠠᠵᠠᠢ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2