ᠬᠤᠸᠠᠳᠧ ᠰᠢᠶᠠᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/9
    11 ᠰᠠᠷ᠎ᠠ ᠶᠢᠨ 8  ᠤ ᠡᠳᠦᠷ᠂ ᠬᠤᠸᠠᠳᠧ ᠰᠢᠶᠠᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃     ᠬᠤᠷᠠᠯ ᠠᠴᠠ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠳᠤᠲᠠᠭᠤᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠪᠠᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠲᠠᠭᠠᠨ ᠢ ᠰᠤᠳᠤᠯᠤᠨ ᠮᠠᠭᠠᠳᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠠᠮᠵᠢᠯᠴᠠᠨ ᠬᠦᠴᠦᠯᠡᠵᠦ᠂ ᠭᠤᠣᠯᠳᠠᠯᠭ᠎ᠠ ᠲᠠᠢ ᠳᠦᠷᠦᠯ ᠵᠦᠢᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠤᠲᠠᠭᠤᠳᠠᠯ ᠢ ᠴᠢᠩᠭ᠎ᠠ ᠪᠣᠳᠠᠲᠠᠢ ᠨᠠᠷᠢᠨ ᠪᠠᠶᠢᠴᠠᠭᠠᠵᠤ᠂ ᠳᠤᠲᠠᠭᠤᠳᠠᠯ ᠢ ᠨᠥᠬᠦᠪᠦᠷᠢᠯᠡᠵᠦ᠂ ᠳᠤᠲᠠᠭᠤᠳᠠᠯ ᠪᠠᠭᠤᠷᠠᠢ ᠵᠦᠢᠯ ᠢ ᠳᠠᠰᠤᠷᠠᠯᠳᠠ ᠦᠭᠡᠢ ᠨᠥᠬᠦᠪᠦᠷᠢᠯᠡᠬᠦ ᠬᠡᠷᠡᠭᠲᠡᠢ᠃ ᠠᠵᠢᠯ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ  ᠪᠠᠶᠢᠴᠠᠭᠠᠬᠤ ᠪᠠᠨ ᠴᠢᠩᠭᠠᠳᠬᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠬᠠᠰᠢ ᠶᠠᠰᠢ ᠪᠠᠷ ᠬᠠᠨᠳᠤᠵᠤ᠂ ᠠᠵᠢᠯ ᠢᠶᠠᠨ ᠪᠣᠳᠠᠲᠠᠢ ᠥᠷᠨᠢᠭᠦᠯᠦᠭᠰᠡᠨ ᠦᠭᠡᠢ᠂ ᠠᠵᠢᠯ ᠬᠢᠬᠦ ᠦᠭᠡᠢ ᠪᠠ ᠠᠵᠢᠯ ᠬᠢᠬᠦ ᠪᠠᠨ ᠤᠳᠠᠭᠠᠰᠢᠷᠠᠭᠤᠯᠤᠭᠰᠠᠨ ᠪᠠᠶᠢᠳᠠᠯ ᠢ ᠢᠯᠡᠷᠡᠭᠦᠯᠵᠦ᠂ ᠴᠠᠭ ᠲᠤᠬᠠᠢ ᠳᠤᠨᠢ ᠵᠠᠷᠯᠠᠨ ᠰᠠᠨᠠᠭᠤᠯᠵᠤ᠂ ᠪᠣᠯᠵᠣᠨ ᠶᠠᠷᠢᠯᠴᠠᠵᠤ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠥᠷᠨᠢᠭᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠪᠠᠶᠢᠴᠠᠭᠠᠯᠲᠠ ᠶᠢ ᠤᠭᠲᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠤ ᠱᠠᠭᠠᠷᠳᠠᠪᠠ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2