ᠤᠯᠠᠭᠠᠨᠴᠠᠪ ᠤᠨ ᠤᠷᠤᠯᠳᠤᠭᠠᠨ ᠤ ᠲᠣᠭᠤᠷᠢᠭ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2023/11/9
    ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠮ ᠤᠨ ᠵᠦᠢᠯ ᠤᠨ ᠭᠦᠢᠯᠭᠡᠭᠡᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠪᠠᠷ᠂ ᠯᠢᠶᠡᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠬᠥᠭᠡᠷᠦᠭᠦᠯᠬᠦ ᠡᠮ ᠢ ᠡᠰᠡᠷᠭᠦᠴᠡᠬᠦ ᠳᠦᠷᠢᠮ︾ ︽ᠮᠢᠨᠴᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠳᠦᠷᠢᠮ︾ ︽ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠪᠥᠬᠦ ᠰᠢᠶᠠᠨ ᠤ ᠪᠣᠶ ᠪᠦᠬᠦᠢ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠪᠦᠬᠦᠨ ᠢ ᠬᠠᠮᠤᠷᠤᠭᠰᠠᠨ ᠲᠣᠣᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠬᠢᠨ᠎ᠡ᠃     ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠢ ︽ᠬᠥᠭᠡᠷᠦᠭᠦᠯᠬᠦ ᠡᠮ ᠠᠭᠤᠯᠤᠭᠰᠠᠨ ᠡᠮ ᠤᠨ ᠵᠦᠢᠯ ᠤᠨ ᠭᠠᠷᠴᠠᠭ︾ ᠪᠠᠶᠢᠭᠤᠯᠬᠤ ᠶᠢᠨ ᠬᠠᠮᠲᠤ ︽ᠬᠥᠭᠡᠷᠦᠭᠦᠯᠬᠦ ᠡᠮ ᠠᠭᠤᠯᠤᠭᠰᠠᠨ ᠡᠮ ᠤᠨ ᠵᠦᠢᠯ ᠤᠨ ᠪᠣᠷᠤᠯᠠᠭᠤᠯᠭ᠎ᠠ ᠶᠢᠨ ᠲᠤᠰᠬᠠᠢ ᠯᠠᠩᠭᠦᠢ︾ ᠭᠠᠷᠭᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠶᠠᠨ ᠢᠯᠡ ᠭᠠᠵᠠᠷ ᠲᠤ ︽ᠬᠥᠭᠡᠷᠦᠭᠦᠯᠬᠦ ᠡᠮ ᠠᠭᠤᠯᠤᠭᠰᠠᠨ ᠡᠮ ᠤᠨ ᠵᠦᠢᠯ ᠤᠨ ᠲᠠᠮᠢᠷᠴᠢᠨ ᠢ ᠪᠣᠯᠭᠤᠮᠵᠢᠲᠠᠢ ᠪᠠᠷ ᠬᠡᠷᠡᠭᠯᠡᠬᠦ︾ ᠵᠡᠷᠭᠡ ᠰᠡᠷᠡᠮᠵᠢ ᠶᠢᠨ ᠲᠡᠮᠳᠡᠭ ᠨᠠᠭᠠᠬᠤ ᠬᠡᠷᠡᠭᠲᠡᠢ ᠭᠡᠵᠦ ᠱᠠᠭᠠᠷᠳᠠᠪᠠ᠃     ᠪᠠᠶᠢᠴᠠᠭᠠᠬᠤ ᠳᠤᠭᠤᠶᠢᠯᠠᠩ ᠨᠢ ᠨᠣᠶᠢᠷ ᠤᠨ ᠠᠷᠠᠯ ᠤᠨ ᠡᠳ᠋ ᠠᠴᠠ ᠪᠤᠰᠤᠳ ᠤᠭᠤᠷᠠᠭ ᠢ ᠢᠵᠢᠯᠰᠢᠭᠦᠯᠬᠦ ᠡᠮ᠂ ᠫᠧᠫᠲ᠋ᠢᠳ᠋ ᠤᠨ ᠲᠥᠷᠥᠯ ᠤᠨ ᠬᠤᠷᠮᠣᠨ ᠢ ᠬᠠᠤᠯᠢ ᠠᠴᠠ ᠵᠥᠷᠢᠴᠡᠨ ᠡᠵᠡᠩᠨᠡᠭᠰᠡᠨ ᠡᠰᠡᠬᠦ︔ ᠡᠮ ᠤᠨ ᠵᠦᠢᠯ ᠢ ᠬᠠᠤᠯᠢ ᠶᠣᠰᠣᠨ ᠤ ᠠᠷᠭ᠎ᠠ ᠵᠠᠮ ᠢᠶᠠᠷ ᠬᠤᠳᠠᠯᠳᠤᠨ ᠣᠷᠣᠭᠤᠯᠤᠭᠰᠠᠨ ᠡᠰᠡᠬᠦ᠂ ᠬᠠᠤᠯᠢ ᠪᠤᠰᠤ ᠠᠷᠭ᠎ᠠ ᠵᠠᠮ ᠢᠶᠠᠷ ᠡᠮ ᠬᠤᠳᠠᠯᠳᠤᠨ ᠠᠪᠤᠭᠰᠠᠨ ᠪᠤᠶᠤ ︽ᠡᠮ ᠢ ᠬᠤᠷᠢᠶᠠᠨ ᠠᠪᠤᠭᠰᠠᠨ︾ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ︔ ᠵᠣᠷ ᠢᠶᠠᠷ ᠵᠣᠷ ᠤᠨ ᠡᠮ ᠢ ᠪᠣᠷᠣᠯᠠᠭᠤᠯᠤᠭᠰᠠᠨ ᠡᠰᠡᠬᠦ︔ ᠬᠥᠭᠡᠷᠦᠭᠦᠯᠬᠦ ᠡᠮ ᠢ ᠪᠠᠭᠲᠠᠭᠠᠭᠰᠠᠨ ᠡᠮ ᠤᠨ ᠲᠣᠳᠣᠷᠬᠠᠶᠢᠯᠠᠯᠲᠠ ᠶᠢᠨ ᠪᠢᠴᠢᠭ ᠪᠤᠶᠤ ᠱᠣᠰᠢᠭ᠎ᠠ ᠲᠡᠮᠳᠡᠭ ᠳᠡᠭᠡᠷ᠎ᠡ ᠲᠣᠭᠲᠠᠭᠠᠯ ᠶᠣᠰᠣᠭᠠᠷ ︽ᠲᠠᠮᠢᠷᠴᠢᠨ ᠬᠡᠷᠰᠡᠦᠯᠡᠨ ᠬᠡᠷᠡᠭᠯᠡᠬᠦ︾ ᠭᠡᠬᠦ ᠬᠢᠲᠠᠳ ᠥᠰᠥᠭ ᠢ ᠬᠠᠳᠠᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠤᠭᠤᠷᠠᠭ ᠢ ᠢᠵᠢᠯᠰᠢᠭᠦᠯᠬᠦ ᠨᠠᠶᠢᠷᠠᠯᠭ᠎ᠠ᠂ ᠫᠧᠫᠲ᠋ᠢᠳ᠋ ᠤᠨ ᠲᠦᠷᠦᠯ ᠤᠨ ᠬᠤᠷᠮᠣᠨ ᠢ ᠲᠣᠭᠲᠠᠭᠠᠯ ᠠᠴᠠ ᠵᠥᠷᠢᠴᠡᠨ ᠤᠷᠤᠯᠳᠤᠭᠠᠨ ᠳᠤ ᠣᠷᠣᠯᠴᠠᠬᠤ ᠲᠠᠮᠢᠷᠴᠢᠳ ᠤᠨ ᠭᠠᠷ ᠲᠤ ᠣᠷᠣᠭᠤᠯᠬᠤ ᠶᠢ ᠴᠢᠩᠭ᠎ᠠ ᠰᠡᠷᠭᠡᠶᠢᠯᠡᠵᠦ᠂ ᠣᠨᠴᠠᠭᠠᠢ ᠡᠮ ᠤᠨ ᠵᠦᠢᠯ ᠤᠨ ᠠᠮᠤᠷ ᠲᠦᠪᠰᠢᠨ ᠤ ᠭᠡᠮ ᠰᠣᠭᠤᠭ ᠤᠨ ᠠᠳᠡᠯ ᠢ ᠪᠦᠲᠦᠮᠵᠢᠲᠡᠢ ᠰᠡᠷᠭᠡᠶᠢᠯᠡᠬᠦ ᠪᠠ ᠴᠠᠭ ᠲᠤᠬᠠᠢ ᠳᠤᠨᠢ ᠰᠢᠢᠳᠪᠦᠷᠢᠯᠡᠵᠦ᠂ ᠡᠮ ᠤᠨ ᠢᠷᠡᠯᠲᠡ ᠶᠢᠨ ᠴᠢᠨᠠᠷᠲᠠᠢ ᠬᠥᠭᠡᠷᠦᠭᠦᠯᠬᠦ ᠡᠮ ᠤᠨ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃     11 ᠰᠠᠷ᠎ᠠ ᠶᠢᠨ 8 ᠤ ᠡᠳᠦᠷ ᠪᠣᠯᠲᠠᠯ᠎ᠠ᠂ ᠨᠡᠶᠢᠲᠡ 23 ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠢ ᠪᠠᠶᠢᠴᠠᠭᠠᠵᠤ᠂ 43 ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ᠂ 11 ᠲᠡᠷᠭᠡ ᠤᠳᠠᠭ᠎ᠠ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ ᠬᠥᠳᠡᠯᠭᠡᠵᠡᠢ᠃ ᠳᠣᠩᠭᠤᠳᠬᠤ᠂ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠤᠭᠤᠯᠬᠤ ᠪᠢᠴᠢᠭ 12 ᠬᠤᠪᠢ ᠪᠢᠴᠢᠭ ᠪᠠᠭᠤᠯᠭᠠᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠡᠮ ᠤᠨ ᠵᠦᠢᠯ ᠤᠨ ᠠᠮᠤᠷ ᠲᠦᠪᠰᠢᠨ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2