ᠮᠠᠨ ᠤ ᠬᠤᠲᠠ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/12/1
   ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠪᠡᠭᠡᠵᠢᠩ ᠳᠤ ᠭᠤᠷᠪᠠᠳᠤᠭᠠᠷ ᠪᠦᠯᠦᠭ ᠤᠨ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠤᠯᠠᠭᠠᠨᠴᠠᠪ ᠬᠤᠲᠠ ᠳᠤ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢᠨ ᠴᠣᠯᠠ ᠣᠯᠭᠤᠪᠠ᠂ ᠡᠨᠡ ᠨᠢ ᠲᠣᠰ ᠤᠳᠠᠭ᠎ᠠ ᠶᠢᠨ ᠵᠢᠩᠬᠢᠨᠢ ᠪᠠᠷ ᠨᠡᠷᠡᠶᠢᠳᠦᠭᠰᠡᠨ 36 ᠬᠤᠲᠠ ᠶᠢᠨ ᠨᠢᠭᠡ ᠪᠣᠯᠣᠨ᠎ᠠ᠂ ᠡᠨᠡ ᠨᠢ ᠮᠠᠨ ᠤ ᠬᠤᠲᠠ ᠶᠢᠨ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠬᠢᠷᠢ ᠲᠦᠪᠰᠢᠨ ᠪᠠ ᠪᠠᠲᠤᠯᠠᠭ᠎ᠠ ᠶᠢᠨ ᠴᠢᠳᠠᠪᠤᠷᠢ ᠤᠯᠤᠰ ᠤᠨ ᠵᠢᠱᠢᠶ᠎ᠡ ᠦᠵᠡᠭᠦᠯᠬᠦ ᠡᠩᠨᠡᠭᠡᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃    ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠣᠯ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ᠲᠣᠳᠣᠷᠬᠠᠶᠢᠯᠠᠭᠰᠠᠨ ᠴᠢᠬᠤᠯᠠ ᠢᠨᠵᠧᠨᠧᠷᠢᠩ ᠪᠣᠯᠣᠨ᠎ᠠ᠃ 2016 ᠣᠨ ᠳᠤ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠶᠡᠷᠦᠩᠬᠡᠢ ᠱᠠᠭᠠᠷᠳᠠᠯᠭ᠎ᠠ ᠪᠠᠷ ᠶᠡᠷᠦᠩᠬᠡᠶᠢᠯᠡᠨ ᠵᠠᠬᠢᠷᠤᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠢᠳᠡᠪᠬᠢᠵᠢᠯ ᠢ ᠪᠠᠳᠠᠷᠠᠭᠤᠯᠵᠤ᠂ ᠨᠡᠶᠢᠭᠡᠮ ᠤᠨ ᠬᠢᠨ ᠤ ᠥᠷᠭᠡᠨ ᠢᠶᠠᠷ ᠣᠷᠣᠯᠴᠠᠬᠤ ᠶᠢ ᠳᠠᠶᠢᠴᠢᠯᠠᠨ᠂ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠪᠠᠲᠤᠯᠠᠭ᠎ᠠ ᠶᠢᠨ ᠬᠢᠷᠢ ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠢᠳᠡᠭᠡᠨ ᠤ ᠠᠮᠤᠷ ᠲᠥᠪᠰᠢᠨ ᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠵᠡᠢ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2