ᠯᠢᠶᠡᠩᠴᠧᠩ ᠰᠢᠶᠠᠨ ᠳᠡᠭᠡᠷ᠎ᠡ ᠬᠠᠭᠠᠰ ᠵᠢᠯ ᠳᠤ 160 ᠬᠥᠮᠥᠨ ᠳᠤ ᠨᠡᠶᠢᠲᠡ 85.56 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2023/12/10
    ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠯᠢᠶᠡᠩᠴᠧᠩ ᠰᠢᠶᠠᠨ ᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 7896 ᠪᠣᠯᠵᠤ᠂ ᠵᠢᠯ ᠤᠨ ᠡᠭᠦᠷᠭᠡ ᠪᠠᠨ 8500 ᠬᠥᠮᠥᠨ ᠤ 93% ᠪᠠᠷ ᠪᠡᠶᠡᠯᠡᠭᠦᠯᠵᠡᠢ︔ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ 300 ᠲᠦᠮᠡᠨ ᠲᠥᠭᠦᠷᠢᠭ ᠲᠠᠲᠠᠪᠤᠷᠢᠯᠠᠨ ᠳᠤᠰᠢᠶᠠᠵᠤ᠂ ᠵᠢᠯ ᠤᠨ ᠡᠭᠦᠷᠭᠡ ᠶᠢ 400 ᠲᠦᠮᠡᠨ ᠲᠥᠭᠦᠷᠢᠭ ᠤᠨ 75% ᠪᠠᠷ ᠪᠡᠶᠡᠯᠡᠭᠦᠯᠪᠡ︔ ᠳᠡᠭᠡᠷ᠎ᠡ ᠬᠠᠭᠠᠰ ᠵᠢᠯ ᠳᠤ 160 ᠬᠥᠮᠥᠨ ᠳᠤ ᠨᠡᠶᠢᠲᠡ 85.56 ᠲᠦᠮᠡᠨ ᠲᠥᠭᠦᠷᠢᠭ ᠤᠨ ᠠᠵᠢᠯ ᠠᠯᠳᠠᠯᠲᠠ ᠶᠢᠨ ᠮᠥᠩᠭᠦ ᠣᠯᠭᠤᠵᠤ᠂ ᠳᠤᠯᠠᠭᠠᠯᠠᠭ᠎ᠠ ᠶᠢᠨ ᠨᠥᠬᠦᠪᠦᠷᠢ 2.38 ᠲᠦᠮᠡᠨ ᠲᠥᠭᠦᠷᠢᠭ ᠲᠤ ᠬᠦᠷᠴᠡᠢ᠃ ᠠᠵᠢᠯ ᠠᠯᠳᠠᠯᠲᠠ ᠶᠢᠨ ᠮᠥᠩᠭᠦ ᠶᠢ ᠭᠦᠢᠴᠡᠳ ᠲᠤᠭ᠎ᠠ ᠪᠠᠷ ᠴᠠᠭ ᠲᠤᠬᠠᠢ ᠳᠤᠨᠢ ᠲᠦᠭᠡᠭᠡᠵᠦ ᠬᠥᠳᠡᠯᠮᠦᠷᠢᠴᠢᠨ ᠤ ᠠᠵᠢᠯ ᠠᠯᠳᠠᠯᠲᠠ ᠶᠢᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠵᠣᠪᠠᠨᠢᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2