︽ᠤᠯᠠᠭᠠᠨᠴᠠᠪ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/12/11
    ᠮᠠᠨ ᠤ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠳᠡᠯ ᠠᠴᠠ ᠪᠣᠯᠤᠭᠰᠠᠨ ᠬᠤᠣᠷ ᠬᠥᠨᠥᠭᠡᠯ ᠢ ᠴᠠᠭ ᠲᠤᠬᠠᠢ ᠳᠤᠨᠢ ᠡᠵᠡᠮᠳᠡᠬᠦ᠂ ᠠᠷᠢᠯᠭᠠᠬᠤ ᠪᠠ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠳᠡᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠳᠡᠯ ᠠᠴᠠ ᠪᠣᠯᠤᠭᠰᠠᠨ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠪᠠ᠃ ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ     2019 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠬᠤ ᠶᠢᠨ ᠬᠠᠮᠲᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ  ᠲᠥᠰᠥᠯ ᠳᠤ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠪᠠ᠃     ᠬᠠᠭᠤᠴᠢᠨ ᠬᠡᠪᠯᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ 2014 ᠣᠨ ᠳᠤ ᠳᠠᠷᠤᠮᠠᠯᠯᠠᠨ ᠲᠠᠷᠬᠠᠭᠠᠪᠠ᠃ ᠲᠥᠰᠥᠯ ᠢ ᠲᠣᠭᠲᠠᠭᠠᠭᠰᠠᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠳᠤ ᠨᠢᠭᠡᠨᠲᠡ ᠬᠤᠪᠢᠷᠠᠯᠲᠠ ᠭᠠᠷᠴᠤ᠂ ᠲᠥᠰᠥᠯ ᠳᠣᠲᠣᠷᠠᠬᠢ ᠨᠢᠭᠡᠴᠢ ᠶᠢᠨ ᠨᠡᠷᠡᠶᠢᠳᠦᠯ᠂ ᠡᠭᠦᠷᠭᠡ ᠬᠠᠷᠢᠭᠤᠴᠠᠯᠭ᠎ᠠ ᠨᠢ ᠪᠣᠳᠠᠲᠠᠢ ᠲᠠᠢ ᠨᠡᠯᠢᠶᠡᠳ ᠶᠡᠭᠡ ᠵᠥᠷᠢᠶ᠎ᠡ ᠲᠠᠢ ᠪᠤᠯᠪᠠ᠃ 2023 ᠣᠨ ᠤ 5 ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︾ ᠢ ᠨᠡᠶᠢᠲᠡᠯᠡᠭᠰᠡᠨ ᠤ ᠳᠠᠷᠠᠭ᠎ᠠ᠂ ᠬᠠᠭᠤᠴᠢᠨ ᠬᠡᠪᠯᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠬᠢᠭᠡᠳ ᠥᠪᠡᠷᠲᠡᠭᠡᠨ ᠵᠠᠰᠠᠬᠤ ᠣᠷᠣᠨ ᠤ ᠲᠥᠰᠥᠯ ᠢ ᠪᠦᠲᠦᠮᠵᠢᠲᠡᠶ ᠵᠣᠯᠭᠠᠭᠤᠯᠬᠤ ᠶᠢᠨ ᠠᠷᠭ᠎ᠠ ᠦᠭᠡᠢ ᠪᠣᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠣᠯᠤᠭᠰᠠᠨ ᠪᠠᠶᠢᠨ᠎ᠠ᠃ ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ   ᠶᠢᠨ ᠠᠶᠤᠯᠬᠦᠢ ᠶᠢᠨ ᠬᠠᠤᠯᠢ︾ ︽ᠦᠢᠯᠡᠳᠪᠦᠷᠢᠯᠡᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 708 ᠳ᠋ᠤᠭᠠᠷ ᠲᠣᠭᠠᠲᠤ︶᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 549 ᠳ᠋ᠤᠭᠡᠷ ᠲᠣᠭᠠᠲᠤ︶᠂ ︽ᠠᠶᠤᠯᠭᠦᠢ ᠶᠢᠨ ᠣᠨᠴᠠ ᠶᠡᠭᠡ ᠡ᠊ᠨᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 302 ᠳ᠋ᠤᠭᠠᠷ ᠲᠣᠭᠠᠲᠤ︶᠂ ︽ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠦᠷᠦ ᠲᠠᠷᠬᠠᠭᠠᠭᠰᠠᠨ 〔2004〕2 ᠳ᠋ᠤᠭᠠᠷ ᠲᠣᠭᠠᠲᠤ︶᠂ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ 〔2013〕 101 ᠳ᠋ᠤᠭᠡᠷ ᠲᠣᠭᠠᠲᠤ︶᠂ ︽ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 50 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠬᠦᠢ ᠶᠢᠨ ᠬᠢᠨᠠᠯᠳᠠ ᠬᠠᠮᠢᠶᠠᠷᠤᠯᠳᠠ ᠶᠢᠨ ᠲᠦᠷᠢᠮ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ︵ᠥᠪᠥᠷ ᠵᠠᠰᠠᠭ ᠲᠠᠷᠬᠠᠭᠠᠭᠰᠠᠨ ﹇2015﹈ 145 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ﹇2021﹈ 11 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠪᠠ ᠠᠳᠡᠯ ᠤᠨ ᠭᠠᠢ ᠭᠠᠮᠰᠢᠭ ᠢ ᠱᠠᠲᠤ ᠬᠤᠪᠢᠶᠠᠨ ᠠᠷᠭᠠᠴᠠᠬᠤ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 52 ᠳ᠋ᠤᠭᠠᠷ ᠲᠣᠭᠠᠲᠤ︶ ᠵᠡᠷᠭᠡ᠃ ᠭᠤᠷᠪᠠ᠂ ᠭᠤᠣᠯ ᠠᠭᠤᠯᠭ᠎ᠠ     ︽ᠤᠯᠠᠭᠠᠨᠴᠠᠪ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠣᠷᠣᠯᠠᠨ ᠲᠤᠭᠤᠷᠪᠢᠭᠰᠠᠨ ᠨᠣᠣᠷᠠᠭ︶ ᠨᠢ ᠨᠡᠶᠢᠲᠡ 8 ᠬᠡᠰᠡᠭ ᠪᠠᠶᠢᠵᠤ᠂ ᠲᠤᠬᠠᠶᠢᠯᠠᠪᠠᠯ ᠶᠡᠷᠦᠩᠬᠡᠢ ᠳᠦᠷᠢᠮ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ᠂ ᠳᠠᠷᠠᠭᠠᠬᠢ ᠶᠠᠪᠤᠳᠠᠯ ᠢ ᠰᠢᠢᠳᠪᠦᠷᠢᠯᠡᠬᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠭᠰᠠᠨ ᠳᠦᠷᠢᠮ ᠵᠡᠷᠭᠡ ᠪᠣᠯᠣᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2