| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ | ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ | ᠣᠷᠣᠯᠴᠠᠪᠠ᠃ | | | ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ ᠠᠬᠤᠢ ᠶᠢᠨ ᠠᠵᠢᠯ ᠢ ᠪᠦᠭᠦ ᠲᠠᠯ᠎ᠠ ᠪᠠᠷ | ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ 2024 ᠣᠨ ᠤ ᠠᠵᠤ | ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠪᠠ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ | ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ ᠳᠠᠷᠠᠭᠠᠬᠢ ᠠᠵᠤ | ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠡᠨ ᠳᠠᠪᠠᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠪᠠᠨ ᠰᠢᠯᠢᠳᠡᠭᠵᠢᠭᠦᠯᠬᠦ᠂ | ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ | ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠤ᠂ | ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ | ᠦᠵᠡᠪᠡ᠃ | ᠬᠤᠷᠠᠯ ᠠᠴᠠ᠂ ᠠᠵᠤ ᠠᠬᠤᠢ ᠶᠢᠨ ᠰᠡᠷᠭᠦᠯᠲᠡ ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ | ᠬᠦᠴᠢᠷᠳᠡᠯ ᠪᠣᠯᠣᠨ ᠥᠷᠢᠰᠦᠯᠳᠦᠭᠡᠨ ᠢ ᠢᠯᠠᠨ ᠳᠠᠪᠠᠭ᠋ᠤ ᠴᠢᠬᠤᠯᠠᠲᠠᠢ ᠪᠠᠶᠢᠨ᠎ᠠ᠂ ᠭᠤᠣᠯᠳᠠᠭᠤ ᠪᠦᠲᠦᠮᠵᠢᠲᠡᠢ | ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ᠂ | ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ ᠪᠠᠶᠢᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠭᠠᠳᠠᠭᠠᠳᠤ ᠣᠷᠴᠢᠨ ᠲᠣᠭᠤᠷᠢᠨ ᠤ | ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠬᠲᠠᠭᠠᠯᠲᠤ ᠪᠤᠰᠤ ᠴᠢᠨᠠᠷ ᠨᠡᠮᠡᠭᠳᠡᠵᠦ ᠪᠠᠶᠢᠨ᠎ᠠ᠃ | ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠳᠡᠭᠡᠷ ᠠᠰᠠᠭᠤᠳᠠᠯ ᠢ ᠪᠦᠲᠦᠮᠵᠢᠲᠡᠢ ᠠᠷᠭᠠᠴᠠᠭᠠᠨ ᠰᠢᠢᠳᠪᠦᠷᠢᠯᠡᠬᠦ | ᠬᠡᠷᠡᠭᠲᠡᠢ᠃ ᠶᠡᠷᠦᠩᠬᠡᠶᠢᠯᠡᠭᠡᠳ ᠦᠵᠡᠪᠡᠯ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ | ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠴᠢᠩᠭ᠎ᠠ ᠪᠠᠶᠢᠵᠤ᠂ ᠠᠵᠤ ᠠᠬᠤᠢ ᠰᠡᠷᠭᠦᠨ ᠰᠠᠶᠢᠵᠢᠷᠠᠬᠤ᠂ | ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠢᠲᠡᠭᠡᠯ ᠵᠣᠷᠢᠭ ᠪᠠ | ᠢᠲᠡᠭᠡᠯ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠶᠢᠷ᠎ᠠ ᠶᠢᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ | ᠪᠦᠲᠦᠮᠵᠢᠲᠡᠶ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠵᠢᠮ᠎ᠡ ᠶᠣᠰᠣᠴᠢ | ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ | ᠴᠠᠭ ᠦᠶ᠎ᠡ ᠶᠢᠨ ᠬᠠᠲᠠᠭᠤ ᠶᠣᠰᠣ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠶᠢᠨ ᠴᠢᠨᠠᠷ ᠢ ᠪᠦᠲᠦᠮᠵᠢᠲᠡᠢ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠷᠬᠡᠪᠰᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠶ | ᠬᠡᠷᠡᠭᠴᠡᠭᠡ ᠶᠢ ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠭᠡᠲᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠶᠢᠨ ᠳᠠᠪᠠᠭᠤᠯᠢᠭ ᠢ | ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ ᠬᠡᠷᠡᠭᠴᠡᠭᠡ ᠶᠢᠨ ᠭᠤᠣᠯ ᠬᠥᠳᠡᠯᠭᠡᠬᠦ | ᠬᠦᠴᠦᠨ ᠤ ᠰᠠᠭᠤᠷᠢᠨ ᠳᠡᠭᠡᠷ᠎ᠡ ᠪᠠᠶᠢᠭᠤᠯᠵᠤ᠂ ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠵᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ | ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ | ᠬᠦᠴᠦᠨ ᠢ ᠬᠥᠭᠵᠢᠭᠡᠨ ᠴᠢᠩᠭᠠᠷᠠᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠠᠮᠤᠷ ᠲᠦᠪᠰᠢᠨ ᠰᠠᠶᠢᠨ ᠬᠤᠷᠰᠢᠯᠴᠠᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ ᠢ ᠬᠥᠳᠡᠯᠦᠩᠭᠦᠢ ᠲᠡᠩᠴᠡᠭᠦᠷᠢᠲᠡᠢ | ᠪᠠᠶᠢᠯᠭᠠᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠤᠯᠭᠠᠵᠤ᠂ ᠨᠠᠮ ᠤᠨ | ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠮᠤᠭ ᠤᠨ ᠥᠷᠭᠡᠨ ᠤᠯᠠᠨ ᠠᠷᠠᠳ ᠲᠦᠮᠡᠨ ᠲᠠᠢ ᠪᠦᠯᠬᠦᠮᠳᠡᠵᠦ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ | ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠵᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ | ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ | ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ | ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ | ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ᠂ ᠭᠡᠯᠪᠡᠷᠢ ᠶᠢ | ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ | ᠲᠠᠯ᠎ᠠ ᠪᠠᠷ ᠢᠳᠡᠪᠬᠢᠲᠡᠢ ᠤᠷᠤᠭᠰᠢᠯᠠᠨ ᠳᠡᠪᠰᠢᠵᠦ᠂ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ ᠲᠠᠰᠤᠷᠠᠯᠲᠠ | ᠦᠭᠡᠢ ᠪᠠᠬᠢᠵᠢᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ | ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠬᠦᠴᠦᠯᠡᠵᠦ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ | ᠣᠷᠣᠨ ᠵᠠᠢ ᠶᠢ ᠰᠠᠶᠢᠲᠤᠷ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ ᠪᠣᠳᠣᠯᠭ᠎ᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ | ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠪᠠᠷ ᠥᠷᠭᠡᠳᠬᠡᠬᠦ ᠬᠡᠷᠡᠭᠲᠡᠢ᠃ ᠪᠦᠲᠦᠴᠡ ᠶᠢᠨ | ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ | ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠰᠢᠯᠵᠢᠭᠦᠯᠦᠨ ᠲᠣᠭᠠᠴᠠᠭ᠎ᠠ ᠬᠢᠬᠦ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ | ᠴᠢᠩᠳᠠᠯᠠᠬᠤ ᠬᠡᠷᠡᠭᠲᠡᠢ᠃ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ | ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠩ ᠤᠨ ᠴᠢᠨᠠᠷᠲᠠᠢ ᠵᠠᠷᠤᠯᠭ᠎ᠠ ᠶᠢ | ᠴᠢᠩᠭ᠎ᠠ ᠬᠢᠵᠠᠭᠠᠷᠯᠠᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠵᠤ ᠠᠮᠢᠳᠤᠷᠠᠬᠤ ᠳᠠᠳᠬᠠᠯ ᠲᠠᠢ ᠪᠠᠶᠢᠬᠤ | ᠬᠡᠷᠡᠭᠲᠡᠢ᠃ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠤᠨᠤᠪᠴᠢᠲᠠᠢ | ᠪᠥᠭᠡᠳ ᠪᠦᠲᠦᠮᠵᠢᠲᠡᠢ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ | ᠪᠠᠶᠢᠬᠤ᠂ ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ | ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ | ᠵᠣᠬᠢᠴᠠᠯᠳᠤᠬᠤ ᠶᠢ ᠪᠠᠲᠤᠯᠠᠬᠤ ᠬᠡᠷᠡᠭᠲᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ | ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠨᠥᠭᠡᠴᠡ ᠶᠢ ᠠᠮᠢᠳᠤᠯᠢᠭᠵᠢᠭᠤᠯᠵᠤ᠂ | ᠦᠷ᠎ᠡ ᠠᠰᠢᠭ ᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ᠂ | ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠨᠡᠶᠢᠭᠡᠮ ᠤᠨ ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ ᠥᠷᠲᠡᠭ ᠢ ᠲᠣᠭᠲᠠᠭᠤᠨ ᠤ ᠳᠤᠮᠳᠠ | ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ | ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ᠃ | ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ ᠪᠣᠳᠣᠯᠭ᠎ᠠ ᠶᠢ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠳᠤ ᠣᠷᠣᠭᠤᠯᠵᠤ᠂ | ᠲᠦᠷᠦ ᠶᠢᠨ ᠪᠣᠳᠣᠯᠭ᠎ᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠂ ᠠᠳᠠᠯᠢ ᠴᠢᠭᠯᠡᠯ ᠢᠶᠠᠷ ᠬᠦᠴᠦᠯᠡᠵᠦ | ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠤᠬᠠᠭᠤᠯᠭ᠎ᠠ | ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠢ ᠭᠡᠭᠡᠨ | ᠰᠠᠷᠠᠭᠤᠯ ᠤᠨᠤᠯ ᠢ ᠬᠠᠩᠭᠢᠨᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ | ᠭᠤᠣᠯᠳᠠᠯᠭ᠎ᠠ ᠶᠢ ᠲᠣᠪᠤᠶᠢᠯᠭᠠᠨ ᠵᠠᠩᠭᠢᠯᠠᠭ᠎ᠠ ᠶᠢ ᠡᠵᠡᠮᠳᠡᠵᠦ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ | ᠨᠢᠭᠡ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ | ᠢᠯᠠᠩᠭᠤᠶ᠎ᠠ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ ᠦᠢᠯᠡᠰ᠂ | ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢ | ᠲᠡᠭᠦᠯᠳᠡᠷᠵᠢᠭᠦᠯᠵᠦ᠂ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ | ᠬᠥᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠠᠮᠢᠳᠤ ᠪᠣᠳᠠᠰ ᠤᠨ ᠦᠢᠯᠡᠳᠬᠡᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ | ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠨᠦᠭᠦᠳ ᠢ ᠪᠤᠶ ᠪᠤᠯᠭᠠᠵᠤ᠂ | ᠺᠸᠠᠨ᠋ᠲ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠲᠣᠭᠠᠨ ᠤ ᠤᠬᠠᠭᠠᠨ ᠪᠠ ᠣᠶᠤᠨ ᠤ ᠮᠡᠷᠭᠡᠵᠢᠯ᠂ ᠪᠣᠬᠢᠷᠳᠤᠯ ᠦᠭᠡᠢ | ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠬᠡᠬᠦ ᠬᠡᠷᠡᠭᠲᠡᠢ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ ᠢ | ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠦᠢᠯᠡᠰ ᠪᠣᠰᠬᠠᠬᠤ ᠪᠡᠯᠡ ᠣᠷᠣᠭᠤᠯᠤᠯᠲᠠ᠂ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠲᠠᠯᠳᠠ | ᠴᠢᠳᠠᠪᠤᠷᠢ ᠲᠠᠢ ᠬᠡᠷᠡᠭᠯᠡᠭᠡ ᠶᠢ ᠬᠥᠭᠵᠢᠭᠡᠵᠦ᠂ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ᠂ | ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ | ᠬᠡᠷᠡᠭᠯᠡᠭᠡ ᠶᠢᠨ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠰᠢᠯᠵᠢᠭᠦ ᠶᠢ | ᠠᠬᠢᠭᠤᠯᠵᠤ᠂ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠬᠡᠷᠡᠭᠯᠡᠭᠡ᠂ | ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠣᠶᠤᠨᠲᠤ ᠭᠡᠷ ᠤᠨ | ᠬᠡᠷᠡᠭᠰᠡᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭᠠᠨ ᠤ ︽ᠴᠠᠭ ᠤᠨ | ᠤᠷᠤᠰᠬᠠᠯᠲᠤ ᠦᠢᠯᠡᠳᠬᠦᠨ︾ ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠬᠤ | ᠬᠡᠷᠡᠭᠲᠡᠢ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ | ᠲᠡᠷᠭᠡ᠂ ᠡᠯᠧᠺᠳ᠋ᠷᠣᠨ ᠦᠢᠯᠡᠳᠬᠦᠨ ᠵᠡᠷᠭᠡ ᠪᠥᠭᠡᠮ ᠲᠠᠸᠠᠷ ᠤᠨ ᠬᠡᠷᠡᠭᠯᠡᠭᠡ ᠶᠢ ᠬᠥᠭᠵᠢᠭᠦᠯᠬᠦ ᠬᠡᠷᠡᠭᠲᠡᠢ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ | ᠬᠥᠮᠥᠰ ᠤᠨ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ | ᠮᠡᠷᠭᠡᠵᠢᠯ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ | ᠬᠥᠲᠥᠯᠥᠮᠵᠢ ᠪᠤᠯᠭᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠠᠶᠢᠴᠢᠯᠠᠨ ᠶᠡᠬᠡᠰᠬᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠵᠤ | ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ | ᠭᠤᠣᠯᠳᠠᠯᠭ᠎ᠠ ᠲᠠᠢ ᠳᠡᠮᠵᠢᠵᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠡᠯᠡ | ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠨᠡᠶᠢᠭᠡᠮ ᠤᠨ | ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠳᠡᠮᠵᠢᠬᠦ ᠬᠡᠷᠡᠭᠲᠡᠢ᠃ | ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ︾ ᠶᠢᠨ ᠪᠠᠶᠢᠭᠤᠯᠤᠮᠵᠢ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯᠯᠠᠬᠤ | ᠴᠢᠳᠠᠮᠵᠢ ᠶᠢ ᠴᠢᠩᠭᠠᠳᠬᠠᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ᠂ ᠬᠦᠴᠦᠨ ᠵᠦᠢᠯ ᠢ ᠣᠯᠬᠤ᠂ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ | ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠ | ᠪᠠᠭ᠎ᠠ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠᠭᠠᠢ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ | ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ | ᠬᠡᠷᠡᠭᠲᠡᠢ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ | ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ | ᠬᠡᠷᠡᠭᠲᠡᠢ᠃ | ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ ᠪᠤᠶᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠦᠢᠯᠡᠴᠢᠯᠡᠭᠡᠨ ᠤ | ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ | ᠭᠠᠷᠭᠠᠯᠲᠠ ᠶᠢ ᠥᠷᠭᠡᠳᠬᠡᠬᠦ ᠬᠡᠷᠡᠭᠲᠡᠢ᠃ ᠴᠠᠭᠢᠯᠭᠠᠨ ᠬᠤᠯᠪᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ | ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠣᠯᠠᠨ ᠤᠯᠤᠰ ᠤᠨ ᠥᠨᠳᠥᠷ | ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ | ᠰᠢᠯᠵᠢᠭᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ ᠠᠰᠠᠭᠤᠳᠠᠯ ᠢ | ᠬᠢᠨᠠᠮᠠᠭᠠᠢ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ︽ᠪᠡᠯᠡ ᠣᠷᠣᠭᠤᠯᠤᠯᠲᠠ ᠶᠢᠨ | ᠳᠤᠮᠳᠠᠳᠤ ᠤᠯᠤᠰ︾ ᠤᠨ ᠲᠥᠷᠥᠯ ᠲᠡᠮᠳᠡᠭ ᠢ ᠪᠤᠶ ᠪᠤᠯᠭᠠᠬᠤ ᠬᠡᠷᠡᠭᠲᠡᠢ᠃ ᠭᠠᠳᠠᠭᠠᠳᠤ ᠶᠢᠨ ᠬᠥᠮᠥᠰ ᠤᠨ ᠳᠤᠮᠳᠠᠳᠤ | ᠤᠯᠤᠰ ᠲᠤ ᠢᠷᠡᠵᠦ ᠠᠷᠠᠯᠵᠢᠶ᠎ᠠ ᠬᠢᠬᠦ᠂ ᠰᠤᠷᠤᠯᠴᠠᠬᠤ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ | ᠨᠡᠪᠲᠡᠷᠡᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ | ᠨᠠᠶᠢᠮᠠᠨ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ᠂ | ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠪᠤᠯᠪᠠᠴᠤ ᠪᠦᠷᠢᠨ ᠴᠢᠳᠠᠮᠵᠢᠲᠤ︾ | ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ | ᠰᠡᠷᠭᠡᠶᠢᠯᠡᠨ ᠠᠷᠢᠯᠭᠠᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ | ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ | ᠲᠥᠯᠥᠪᠵᠢᠭᠦᠯᠦᠨ ᠰᠢᠢᠳᠪᠦᠷᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ | ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ | ᠠᠷᠢᠯᠭᠠᠵᠤ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ | ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ᠂ ᠭᠡᠷ ᠭᠠᠵᠠᠷ ᠤᠨ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ | ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ | ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠬᠤᠳᠠ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠵᠡᠷᠭᠡ ︽ᠭᠤᠷᠪᠠᠨ ᠶᠡᠭᠡ ᠢᠨᠵᠧᠨᠧᠷᠢᠩ︾ ᠢ | ᠲᠦᠷᠭᠡᠳᠬᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠭᠡᠷ | ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠣᠷᠣᠨ | ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠲᠣᠮᠣ ᠮᠤᠵᠢ ᠦᠨᠡᠨ ᠬᠦ ᠴᠢᠬᠤᠯᠠ ᠡᠭᠦᠷᠭᠡ ᠶᠢ | ᠡᠭᠦᠷᠭᠡᠯᠡᠵᠦ᠂ ᠪᠦᠭᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠬᠡᠷᠡᠭᠲᠡᠢ᠃ | ᠵᠢᠷᠭᠤᠭ᠎ᠠ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ | ᠦᠭᠡᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ | ᠪᠦᠲᠦᠮᠵᠢᠲᠡᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ | ᠬᠤᠷᠢᠭ᠎ᠠ ᠱᠤᠭᠤᠮ ᠪᠤᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ | ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠤᠯᠠᠨ | ᠲᠦᠮᠡᠨ ᠤ ᠮᠡᠳᠡᠷᠡᠵᠦ ᠬᠦᠷᠲᠡᠵᠦ ᠪᠣᠯᠬᠤᠶᠢᠴᠠ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ᠂ | ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ | ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ | ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ ᠬᠠᠮ | ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠬᠥᠳᠡᠭᠡ ᠠᠵᠤ ᠠᠬᠤᠢ ᠶᠢ | ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ | ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ | ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ | ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ | ᠴᠢᠨᠠᠷᠲᠠᠢ᠂ ᠣᠶᠤᠨᠴᠢ ᠬᠤᠲᠠ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ | ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ | ᠪᠠ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ᠃ | ᠨᠠᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ | ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠶᠢ | ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠮᠲᠤ ᠶᠢᠨ ᠣᠶ ᠶᠢᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ ᠣᠷᠴᠢᠯᠳᠤᠭᠤᠯᠬᠤ ᠥᠨᠳᠥᠷ | ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠶᠢᠰᠦ ᠳᠤ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠪᠦᠭᠦ | ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠪᠠᠲᠤᠯᠠᠵᠤ᠂ ᠣᠨᠣᠴᠠᠲᠠᠢ ᠪᠠᠲᠤᠯᠠᠵᠤ᠂ ᠪᠠᠲᠤ ᠪᠠᠬᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ ᠳᠣᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ | ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠦᠷᠭᠡᠪᠴᠢᠯᠡᠨ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠬᠥᠮᠥᠨ ᠠᠮᠠ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ | ᠤᠬᠠᠭᠠᠨᠴᠢ ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠯᠢᠪᠠ ᠠᠰᠢᠭᠲᠠᠢ ᠴᠠᠭ | ᠲᠣᠭᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠦᠵᠡᠵᠦ ᠲᠣᠭᠲᠠᠪᠠᠯ ᠱᠠᠯᠠᠪᠳᠠᠨ ᠬᠢᠵᠦ᠂ | ᠢᠯᠡᠭᠦᠦ ᠬᠢᠵᠦ ᠳᠡᠶᠢᠯᠪᠡᠯ ᠢᠯᠡᠭᠦᠬᠡᠨ ᠬᠢᠵᠦ᠂ ᠲᠤᠰ ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ | ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠪᠠᠷ ᠴᠢᠷᠮᠠᠶᠢᠬᠤ ᠬᠡᠷᠡᠭᠲᠡᠢ᠃ ᠢᠷᠡᠬᠦ | ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠬᠤᠷᠳᠤᠴᠠ ᠪᠣᠯᠣᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ ᠲᠥᠷᠥᠭᠳᠡᠯ᠂ ᠠᠵᠤ ᠠᠬᠤᠢ ᠶᠢ | ᠬᠥᠭᠵᠢᠭᠦᠯᠬᠦ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠣᠯᠣᠨ ᠠᠮᠤᠷ ᠲᠦᠪᠰᠢᠨ ᠤ | ᠬᠠᠷᠢᠴᠠᠭ᠎ᠠ ᠶᠢ ᠰᠠᠶᠢᠲᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠲᠠᠯ᠎ᠠ ᠪᠠᠷ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠮ ᠦᠢᠯᠡᠳᠦᠯ ᠢ | ᠶᠡᠬᠡᠰᠬᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ ᠤᠷᠢᠳᠴᠢᠯᠠᠭᠰᠠᠨ ᠬᠡᠮᠵᠢᠶ᠎ᠡ ᠶᠢ | ᠰᠠᠶᠢᠲᠤᠷ ᠬᠢᠵᠦ᠂ ᠢᠯᠡᠭᠦᠴᠡ ᠬᠡᠮᠵᠢᠶ᠎ᠡ ᠶᠢ ᠦᠯᠡᠳᠡᠭᠡᠨ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ ᠴᠢᠬᠤᠯᠠᠴᠢᠯᠠᠵᠤ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ | ᠬᠤᠷᠸ᠎ᠠ ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠭᠦ ᠬᠡᠷᠡᠭᠲᠡᠢ᠃ ᠠᠵᠢᠯ ᠢ ᠠᠬᠢᠭᠤᠯᠬᠤ ᠠᠷᠭ᠎ᠠ ᠭᠡᠯᠪᠡᠷᠢ ᠶᠢ ᠴᠢᠬᠤᠯᠠᠴᠢᠯᠠᠵᠤ᠂ ᠭᠤᠣᠯ ᠵᠥᠷᠢᠴᠡᠯ ᠢ | ᠠᠳᠬᠤᠵᠤ᠂ ᠪᠣᠭᠤᠮᠢ ᠬᠢᠵᠠᠭᠠᠷᠯᠠᠯ ᠢ ᠰᠢᠪᠲᠤᠯᠵᠤ᠂ ᠤᠷᠢᠳᠠᠴᠢ ᠪᠠᠶᠢᠷᠢᠰᠢᠭᠤᠯᠤᠯᠲᠠ ᠶᠢ ᠴᠢᠬᠤᠯᠠᠴᠢᠯᠠᠵᠤ᠂ ᠢᠷᠡᠬᠦ | ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ | ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ | ᠬᠥᠲᠥᠯᠬᠦ ᠴᠢᠨᠠᠷ᠂ ᠬᠥᠰᠢᠭᠦᠷᠭᠡ ᠶᠢᠨ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ | ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠵᠤ | ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ | ᠠᠳᠬᠤᠵᠤ᠂ ᠡᠴᠦᠰ ᠤᠨ ᠦᠷ᠎ᠡ ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠵᠣᠷᠢᠯᠲᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ | ᠡᠵᠡᠮᠳᠡᠬᠦ ᠬᠡᠷᠡᠭᠲᠡᠢ᠃ ᠦᠨᠡᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠵᠠᠯᠠᠷᠠᠭᠤᠯᠬᠤ ᠬᠡᠷᠡᠭᠲᠡᠢ᠃ ᠵᠣᠷᠢᠭᠲᠠᠢ ᠪᠠᠷ ᠬᠢᠵᠦ ᠵᠢᠳᠬᠦᠯ ᠴᠢᠷᠮᠠᠶᠢᠯᠭ᠎ᠠ ᠭᠠᠷᠭᠠᠵᠤ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠡᠯ᠎ᠡ | ᠱᠠᠲᠤᠨ ᠤ ᠤᠳᠤᠷᠢᠳᠬᠤ ᠺᠠᠳ᠋ᠷ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ | ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ | ᠬᠠᠮᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ | ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠤᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ | ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |