ᠰᠢ ᠶᠢᠨ ᠫᠢᠩ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠯᠢ ᠴᠢᠶᠠᠩ ᠼᠠᠢ ᠴᠢ ᠣᠷᠣᠯᠴᠠᠵᠠᠢ
ᠨᠡᠶᠢᠲᠡᠯᠡᠭᠰᠡᠨ ᠴᠠᠭ᠄
2023/12/14
       ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ ᠴᠤ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ ᠲᠤᠨᠤᠭ ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    
     
    11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃    ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃    ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠲᠤᠰᠬᠠᠶᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃    ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ ᠲᠦᠢᠯ ᠤᠨ ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ ᠮᠠᠨ ᠤ ᠤᠯᠤᠰ ᠤᠨ ᠤᠯᠠᠨ ᠤᠯᠤᠰ ᠤᠨ ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ ᠲᠠᠪᠴᠠᠩ ᠤᠨ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠴᠣᠭᠴᠠᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶᠢᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠦᠮ ᠦᠵᠡᠭᠦᠯᠵᠦ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠭᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ ᠵᠦᠢᠯ ᠤᠨ ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ ᠰᠢᠯᠵᠢᠭᠦ ᠪᠠ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2