︽ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠬᠢᠵᠠᠭᠠᠷᠯᠠᠬᠤ ᠡᠳᠦᠢ ᠳᠡᠳᠦᠢ ᠠᠷᠭ᠎ᠠ ᠬᠡᠮᠵᠢᠶ᠎ᠡ︾  ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/19
ᠨᠢᠭᠡ᠂ ᠲᠣᠭᠲᠠᠭᠠᠭᠰᠠᠨ ᠠᠬᠤᠢ ᠪᠠᠶᠢᠳᠠᠯ     ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠬᠢᠵᠠᠭᠠᠷᠯᠠᠬᠤ ᠡᠳᠦᠢ ᠳᠡᠳᠦᠢ ᠠᠷᠭ᠎ᠠ ᠬᠡᠮᠵᠢᠶ᠎ᠡ︾ ︵ᠳᠣᠷᠣᠭᠰᠢ ︽ᠠᠷᠭ᠎ᠠ ᠬᠡᠮᠵᠢᠶ᠎ᠡ ︾ ᠭᠡᠵᠦ ᠲᠣᠪᠴᠢᠯᠠᠨ᠎ᠠ︶ ᠶᠢ ᠪᠡᠶᠡᠯᠡᠭᠦᠯᠵᠦ᠂ ᠡᠳᠦᠭᠡ ᠬᠤᠳᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠠᠷᠤᠮᠠᠯᠯᠠᠨ ᠶᠠᠪᠤᠭᠤᠯᠪᠠ᠃ ᠬᠤᠶᠠᠷ᠂ ᠭᠤᠣᠯ ᠠᠭᠤᠯᠭ᠎ᠠ     ︽ᠠᠷᠭ᠎ᠠ ᠬᠡᠮᠵᠢᠶ᠎ᠡ ︾ ᠨᠢ ᠨᠡᠶᠢᠳᠡ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ᠂ ᠬᠤᠳᠠ ᠪᠠᠯᠭᠠᠰᠤᠨ ᠤ ᠤᠰᠤ ᠠᠷᠪᠢᠯᠠᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ 5 ᠲᠠᠯ᠎ᠠ ᠶᠢᠨ 12 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠲᠠᠢ ᠬᠤᠯᠪᠣᠭᠳᠠᠵᠤ ᠪᠠᠶᠢᠨ᠎ᠠ᠃     ᠨᠢᠭᠡᠳᠦᠭᠡᠷ ᠬᠡᠰᠡᠭ᠂ ᠲᠠᠷᠢᠶᠠᠯᠠᠩ ᠤᠨ ᠲᠠᠯ᠎ᠠ ᠶᠢᠨ 5 ᠵᠦᠢᠯ᠃ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠢ ᠴᠢᠩᠳᠠᠯᠠᠵᠤ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠤᠰᠤ ᠲᠠᠲᠠᠬᠤ ᠵᠥᠪᠰᠢᠶᠡᠷᠡᠯ ᠢ ᠴᠢᠩᠳᠠᠯᠠᠵᠤ᠂ ᠬᠡᠮᠵᠢᠯᠲᠡ ᠪᠠᠷ ᠤᠰᠤ ᠲᠠᠲᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠢᠨᠵᠧᠨᠧᠷᠢᠩ ᠤᠨ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠰᠢᠨ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠴᠢᠨᠠᠷ ᠰᠠᠶᠢᠲᠠᠢ ᠲᠣᠬᠢᠷᠠᠮᠵᠢᠲᠠᠢ ᠡᠭᠦᠯᠳᠡᠷ ᠢ ᠶᠡᠬᠡᠪᠡᠷ ᠰᠣᠩᠭᠤᠨ ᠭᠠᠷᠭᠠᠵᠤ᠂ ᠪᠦᠲᠦᠴᠡ ᠶᠢ ᠲᠣᠬᠢᠷᠠᠭᠤᠯᠬᠤ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃     ᠬᠤᠶᠠᠳᠤᠭᠠᠷ ᠬᠡᠰᠡᠭ᠂ ᠠᠵᠤ ᠦᠢᠯᠡᠳᠪᠦᠷᠢ ᠶᠢᠨ ᠲᠠᠯ᠎ᠠ ᠶᠢᠨ 2 ᠵᠦᠢᠯ᠃ ᠠᠵᠤ ᠦᠢᠯᠡᠳᠪᠦᠷᠢ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠠᠮᠢᠶᠠᠷᠤᠯᠲᠠ ᠶᠢᠨ ᠴᠢᠨᠠᠷᠲᠠᠢ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠰᠤ ᠠᠷᠪᠢᠯᠠᠬᠤ ᠲᠡᠷᠢᠭᠦᠨ ᠤ ᠮᠡᠷᠭᠡᠵᠢᠯ ᠲᠣᠨᠣᠭᠯᠠᠯ ᠢ ᠶᠡᠬᠡᠪᠡᠷ ᠳᠡᠯᠭᠡᠷᠡᠭᠦᠯᠵᠦ᠂ ᠮᠡᠷᠭᠡᠵᠢᠯ ᠤᠨ ᠴᠢᠨᠠᠷᠲᠠᠢ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃     ᠭᠤᠷᠪᠠᠳᠤᠭᠠᠷ ᠬᠡᠰᠡᠭ᠂ ᠠᠮᠢ ᠠᠬᠤᠢ ᠶᠢᠨ ᠲᠠᠯ᠎ᠠ ᠶᠢᠨ 2 ᠵᠦᠢᠯ᠃ ᠤᠰᠤ ᠠᠷᠪᠢᠯᠠᠵᠤ ᠤᠰᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠠᠮᠢ ᠠᠬᠤᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠢᠲᠡᠨ ᠳᠤ ᠲᠡᠰᠪᠦᠷᠢᠲᠡᠢ ᠭᠠᠩ ᠬᠠᠭᠰᠠᠷᠠᠭᠠᠨ ᠳᠤ ᠲᠡᠰᠪᠦᠷᠢᠲᠡᠢ ᠨᠤᠲᠤᠭ ᠤᠨ ᠮᠣᠳᠣᠨ ᠤ ᠲᠦᠷᠦᠯ ᠢ ᠢᠳᠡᠪᠬᠢᠲᠡᠢ ᠪᠠᠷ ᠰᠢᠯᠢᠳᠡᠭᠴᠢᠯᠡᠨ ᠰᠣᠩᠭᠤᠵᠤ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠪᠠᠷᠢᠮᠲᠠᠯᠠᠨ᠎ᠠ᠃     ᠳᠥᠷᠪᠡᠳᠦᠭᠡᠷ ᠬᠡᠰᠡᠭ᠂ ᠬᠤᠲᠠ ᠪᠠᠯᠭᠠᠰᠤᠨ ᠤ ᠤᠰᠤ ᠠᠷᠪᠢᠯᠠᠬᠤ ᠲᠠᠯ᠎ᠠ ᠶᠢᠨ 2 ᠵᠦᠢᠯ᠃ ᠪᠣᠷᠣᠭᠠᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠲᠠᠪᠤᠳᠤᠭᠠᠷ ᠬᠡᠰᠡᠭ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ 1 ᠵᠦᠢᠯ᠃ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠡᠪᠳᠡᠵᠦ ᠬᠠᠤᠯᠢ ᠲᠣᠭᠲᠠᠭᠠᠯ   ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠷᠤᠮᠵᠢᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠪᠠ᠂ ᠲᠥᠰᠥᠯ ᠤᠨ ᠵᠣᠷᠢᠯᠭ᠎ᠠ     ︽ᠠᠷᠭ᠎ᠠ ᠬᠡᠮᠵᠢᠶ᠎ᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠤᠰᠤᠨ ᠤ ᠡᠬᠢ ᠪᠠᠶᠠᠯᠢᠭ ᠢ ᠠᠷᠪᠢᠯᠠᠵᠤ ᠣᠷᠴᠢᠯᠳᠤᠭᠤᠯᠤᠨ ᠠᠰᠢᠭᠯᠠᠬᠤ ᠳᠤ ᠠᠰᠢᠭᠲᠠᠢ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠣᠷ᠎ᠠ ᠪᠠᠶᠢᠭᠰᠠᠨ ᠠᠴᠠ ᠡᠷᠴᠢᠮᠵᠢᠭᠦᠯᠦᠨ ᠠᠷᠪᠢᠯᠠᠬᠤ ᠦᠨᠳᠦᠰᠦᠨ ᠬᠤᠪᠢᠷᠠᠯᠲᠠ ᠶᠢ ᠪᠡᠶᠡᠯᠡᠭᠦᠯᠦᠨ᠂ ᠤᠰᠤ ᠶᠢ ᠠᠷᠪᠢᠯᠠᠵᠤ ᠪᠠᠶᠢᠭᠠᠳ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2