ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄  ᠴᠢ ᠹᠧᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/19
    12 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ᠃     ᠴᠢ ᠹᠧᠢ ᠶᠦᠨ ᠤᠷᠢᠳ ᠬᠤᠵᠢᠳ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠷᠦᠨ ᠴᠤᠸᠠᠩ ᠠᠵᠤ ᠦᠢᠯᠡᠰ ᠤᠨ ᠳᠡᠭᠡᠳᠦ ᠰᠤᠷᠭᠠᠭᠤᠯᠢ ᠳᠤ ᠬᠦᠷᠴᠦ᠂ ᠦᠢᠯᠡᠳᠪᠦᠷᠢᠯᠡᠯ ᠤᠨ ᠴᠢᠨᠠᠷᠲᠠᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠡᠷᠭᠢᠯᠡᠬᠦ ᠵᠠᠭᠪᠤᠷ᠂ ᠴᠢᠳᠠᠪᠤᠷᠢᠲᠠᠨ ᠤ ᠬᠥᠮᠥᠵᠢᠭᠦᠯᠦᠯ᠂ ᠠᠵᠢᠯ ᠣᠯᠭᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠳᠤ ᠱᠠᠭᠠᠷᠳᠠᠯᠭ᠎ᠠ ᠳᠤᠷᠠᠳᠪᠠ᠃     ᠴᠢ ᠹᠧᠢ ᠶᠦᠨ᠂ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠪᠦᠬᠦ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠤᠯᠠᠭᠠᠨᠴᠠᠪ ᠤᠨ ᠲᠣᠮᠣ ᠳ᠋ᠠᠶᠢᠲ᠋ᠠ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠯᠠᠭᠠᠨ ᠢ ᠪᠠᠲᠤᠯᠠᠬᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠤᠭᠰᠠᠷᠠᠬᠤ ᠵᠡᠷᠭᠡ ᠢᠵᠢ ᠪᠦᠷᠢᠳᠦᠭᠰᠡᠨ ᠠᠵᠤ ᠦᠢᠯᠡᠰ ᠤᠨ ᠬᠦᠷᠢᠶᠡᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠨᠠᠭᠰᠢᠳᠠ ᠥᠷᠭᠡᠳᠬᠡᠵᠦ᠂ ᠭᠠᠷ ᠬᠥᠳᠡᠯᠬᠦ ᠴᠢᠳᠠᠪᠤᠷᠢ ᠪᠠᠷ ᠴᠢᠩᠭ᠎ᠠ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠮᠡᠷᠭᠡᠵᠢᠯ ᠤᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠤᠷᠤᠯᠴᠠᠬᠤ ᠰᠤᠷᠲᠠᠯ᠂ ᠰᠤᠷᠭᠠᠭᠤᠯᠢ ᠶᠢᠨ ᠰᠤᠷᠲᠠᠯ ᠢ ᠲᠥᠪ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠳᠠᠳᠤᠯᠭ᠎ᠠ ᠪᠣᠯᠪᠠᠰᠤᠷᠠᠯ ᠪᠠ ᠠᠵᠢᠯ ᠮᠡᠷᠭᠡᠵᠢᠯ ᠤᠨ ᠬᠢᠷᠢ ᠬᠡᠮ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠨᠤᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠬᠡᠷᠡᠭᠯᠡᠯᠲᠡ ᠶᠢᠨ ︽ᠬᠤᠶᠠᠷ ᠵᠦᠢᠯ︾ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠯᠧᠢ ᠺᠦᠨ ᠣᠷᠣᠯᠴᠠᠪᠠ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2