| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 14 ᠤ ᠴᠠᠭᠢᠯᠭᠠᠨ ᠮᠡᠳᠡᠭᠡ 12 ᠰᠠᠷ᠎ᠠ ᠶᠢᠨ | 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ | ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 60 | ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠳᠤᠮᠳᠠᠳᠤ ᠺᠧᠨᠢᠶᠠ ᠬᠤᠶᠠᠷ ᠤᠯᠤᠰ | ᠢᠮᠠᠭᠲᠠ ᠮᠥᠷᠥ ᠵᠡᠷᠭᠡᠴᠡᠨ ᠬᠠᠮᠲᠤᠷᠠᠯᠴᠠᠵᠤ᠂ ᠭᠠᠷ ᠬᠤᠯᠪᠣᠯᠴᠠᠨ ᠬᠥᠭᠵᠢᠵᠦ᠂ ᠤᠯᠤᠰ ᠲᠥᠷᠥ ᠶᠢᠨ ᠲᠠᠯ᠎ᠠ ᠪᠠᠷ | ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠠᠵᠤ ᠠᠬᠤᠢ ᠶᠢᠨ ᠲᠠᠯ᠎ᠠ ᠪᠠᠷ ᠬᠠᠮᠲᠤᠷᠠᠯᠴᠠᠵᠤ ᠬᠠᠮᠲᠤ ᠪᠠᠷ ᠠᠰᠢᠭ | ᠭᠥᠷᠳᠡᠭᠰᠡᠨ ᠰᠠᠶᠢᠨ ᠬᠠᠨᠢᠲᠠᠨ ᠪᠣᠯᠵᠠᠢ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠳᠡᠭᠡᠳᠦ | ᠳᠠᠪᠬᠤᠷᠭ᠎ᠠ ᠶᠢᠨ ᠶᠠᠪᠤᠯᠴᠠᠭ᠎ᠠ ᠣᠯᠠᠰᠢᠷᠠᠵᠤ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ | ᠣᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠬᠤᠶᠠᠷ ᠤᠯᠤᠰ ᠤᠨ | ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠳᠤ ᠬᠡᠪ ᠳᠠᠭᠤᠷᠢᠶᠠᠯ ᠦᠵᠡᠭᠦᠯᠵᠡᠢ᠃ ᠡᠨᠡ ᠵᠢᠯ ᠤᠨ 10 ᠰᠠᠷ᠎ᠠ ᠳᠤ᠂ ᠶᠡᠷᠦᠩᠬᠡᠶᠢᠯᠡᠭᠴᠢ ᠷᠦᠲ᠋ᠤ᠋ | ᠳᠤᠮᠳᠠᠳᠤ ᠤᠯᠤᠰ ᠲᠤ ᠢᠷᠡᠵᠦ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠵᠤ᠂ ᠪᠢᠳᠡ ᠬᠤᠶᠠᠷ | ᠤᠯᠤᠰ ᠤᠨ ᠬᠠᠷᠢᠯᠴᠠᠭᠠᠨ ᠤ ᠢᠷᠡᠭᠡᠳᠦᠢ ᠶᠢᠨ ᠬᠥᠭᠵᠢᠯᠲᠡ ᠶᠢᠨ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ | ᠪᠣᠯᠪᠠ᠃ ᠪᠢ ᠳᠤᠮᠳᠠᠳᠤ ᠺᠧᠨᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠷᠦᠲ᠋ᠤ᠋ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ | ᠪᠠᠶᠢᠭᠤᠯᠤᠭᠰᠠᠨ 60 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠲᠤᠰ ᠲᠤᠰ ᠤᠨ ᠤᠯᠤᠰ ᠤᠨ ᠢᠶᠠᠨ | ᠬᠥᠭᠵᠢᠯ ᠮᠠᠨᠳᠤᠯ ᠢ ᠪᠡᠶᠡᠯᠡᠭᠦᠯᠬᠦ ᠠᠶᠠᠨ ᠳᠤ ᠢᠯᠡ ᠲᠣᠳᠣ ᠣᠨᠴᠠᠯᠢᠭ ᠲᠠᠢ ᠬᠠᠮᠲᠤᠷᠠᠯᠴᠠᠭᠠᠨ ᠤ ᠵᠠᠮ ᠢ ᠨᠡᠭᠡᠭᠡᠵᠦ᠂ | ᠳᠤᠮᠳᠠᠳᠤ ᠺᠧᠨᠢᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠭᠠᠷ ᠬᠤᠯᠪᠣᠯᠴᠠᠨ ᠰᠢᠨ᠎ᠡ ᠴᠠᠭ | ᠦᠶ᠎ᠡ ᠶᠢᠨ ᠨᠡᠩ ᠨᠢᠭᠲᠠ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ | ᠭᠡᠵᠦ ᠵᠢᠭᠠᠵᠤ ᠭᠠᠷᠭᠠᠪᠠ᠃ | ᠷᠦᠲ᠋ᠤ᠋᠂ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠺᠧᠨᠢᠶᠠ ᠳᠤᠮᠳᠠᠳᠤ ᠬᠤᠶᠠᠷ ᠤᠯᠤᠰ | ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢ ᠬᠠᠮᠲᠤ ᠪᠠᠷ ᠠᠷᠭᠠᠴᠠᠭᠠᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ | ᠳᠡᠮᠵᠢᠬᠦ᠂ ᠨᠥᠭᠦᠷᠰᠡᠭ ᠢᠶᠠᠷ ᠬᠠᠮᠲᠤᠷᠠᠯᠴᠠᠬᠤ᠂ ᠪᠦᠯᠬᠦᠮᠳᠡᠨ ᠬᠠᠪᠰᠤᠷᠤᠯᠴᠠᠬᠤ ᠶᠢ ᠪᠠᠷᠢᠮᠲᠠᠯᠠᠵᠤ᠂ ᠬᠠᠨᠢᠲᠠᠨ ᠤ | ᠬᠠᠷᠢᠯᠴᠠᠭ᠎ᠠ ᠶᠠᠪᠤᠬᠤ ᠲᠤᠳᠤᠮ ᠪᠠᠬᠢᠵᠢᠪᠡ᠃ ᠬᠤᠶᠠᠷ ᠲᠠᠯ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ᠂ | ᠰᠣᠶᠣᠯ ᠤᠨ ᠰᠣᠯᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠺᠧᠨᠢᠶᠠ ᠶᠢᠨ ᠬᠢᠨ ᠳᠤᠷᠠᠲᠠᠶ᠎ᠠ | ᠳᠤᠮᠳᠠᠳᠤ ᠶᠢᠨ ᠲᠠᠯ᠎ᠠ ᠲᠠᠢ ᠬᠠᠮᠲᠤ ᠪᠠᠷ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠪᠣᠯᠣᠨ ᠶᠤᠬᠠᠨᠨᠧᠰᠪᠦ᠋ᠷᠡᠭ ᠤᠨ | ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ | ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢ ᠦᠷᠭᠦᠯᠵᠢᠯᠡᠨ ᠬᠥᠭᠵᠢᠭᠰᠡᠨ᠂ ᠨᠥᠭᠦᠷᠰᠡᠭ ᠢᠶᠠᠷ | ᠴᠡᠴᠡᠭᠯᠡᠨ ᠬᠥᠭᠵᠢᠭᠰᠡᠨ᠂ ᠬᠠᠮᠲᠤ ᠪᠠᠷ ᠲᠠᠪᠰᠢᠬᠰᠠᠨ ᠰᠠᠶᠢᠨ ᠰᠠᠶᠢᠬᠠᠨ ᠢᠷᠡᠭᠡᠳᠦᠢ ᠲᠠᠢ ᠪᠣᠯᠭᠠᠨ᠎ᠠ ᠭᠡᠵᠦ | ᠢᠯᠡᠳᠬᠡᠪᠡ᠃ |