| | ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠥᠪ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠥᠪ ᠭᠤᠸ ᠬᠤᠸᠠᠨ ᠯᠢᠩ | 2023 ᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠥᠪ ᠠᠴᠠ ︽ᠳᠥᠷᠪᠡᠨ ᠶᠡᠭᠡ | ᠢᠨᠵᠧᠨᠧᠷᠢᠩ︾ ᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠮᠢᠶᠠᠷᠤᠯᠲᠠ ᠶᠢ ᠴᠢᠩᠭᠠᠳᠬᠠᠬᠤ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠠ ᠲᠦᠭᠰᠢᠭᠦᠷᠢ ᠶᠢ ᠰᠡᠷᠭᠡᠶᠢᠯᠡᠬᠦ ᠭᠤᠷᠪᠠᠨ ᠣᠨᠣᠯᠵᠢᠬᠤᠨ ᠢ ᠪᠠᠷᠢᠮᠲᠠᠯᠠᠨ᠂ | ᠳᠦᠷᠢᠮ ᠢ ᠪᠠᠶᠢᠭᠤᠯᠬᠤ᠂ ᠬᠡᠷᠡᠭᠯᠡᠭᠡ ᠶᠢ ᠠᠳᠬᠤᠬᠤ᠂ ᠬᠠᠮᠢᠶᠠᠷᠤᠯᠲᠠ ᠶᠢ ᠴᠢᠩᠭᠠᠳᠬᠠᠬᠤ ᠭᠤᠷᠪᠠᠨ ᠵᠣᠬᠢᠶᠠᠯ ᠢ | ᠰᠠᠶᠢᠲᠤᠷ ᠪᠢᠴᠢᠵᠦ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠬᠢᠨᠠᠨ ᠲᠣᠭᠲᠠᠭᠠᠬᠤ ᠦᠶᠯᠡ ᠠᠵᠢᠯᠯᠠᠭ᠎ᠠ ᠶᠢᠨ | ᠵᠢᠷᠦᠮᠵᠢᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢ | ᠤᠯᠠᠮ ᠨᠢᠭᠡ ᠠᠯᠬᠤᠮ ᠪᠠᠭᠤᠷᠠᠭᠤᠯᠵᠤ᠂ ᠬᠢᠨᠠᠨ ᠲᠣᠭᠲᠠᠭᠠᠬᠤ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃ | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | 2023 ᠣᠨ ᠳᠤ᠂ ᠠᠮᠵᠢᠯᠲᠠ ᠪᠦᠲᠦᠮᠵᠢ ᠶᠢ ᠦᠨᠡᠯᠡᠬᠦ ᠲᠥᠪ ︽ᠲᠦᠷᠪᠡᠨ ᠶᠡᠭᠡ ᠢᠨᠵᠧᠨᠧᠷᠢᠩ︾ ᠢ | ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠮᠢᠶᠠᠷᠤᠯᠲᠠ ᠶᠢ ᠴᠢᠩᠭᠠᠳᠬᠠᠬᠤ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠭᠤᠷᠪᠠᠨ ᠣᠶᠢᠯᠠᠭᠠᠭᠳᠠᠬᠤᠨ ᠢ ᠪᠠᠷᠢᠮᠲᠠᠯᠠᠵᠤ᠂ ᠳᠦᠷᠢᠮ ᠢ | ᠪᠠᠶᠢᠭᠤᠯᠬᠤ᠂ ᠬᠡᠷᠡᠭᠯᠡᠭᠡ ᠶᠢ ᠠᠳᠬᠤᠬᠤ᠂ ᠬᠠᠮᠢᠶᠠᠷᠤᠯᠲᠠ ᠶᠢ ᠴᠢᠩᠭᠠᠳᠬᠠᠬᠤ ᠭᠤᠷᠪᠠᠨ ᠵᠣᠬᠢᠶᠠᠯ ᠢ ᠰᠠᠶᠢᠲᠤᠷ | ᠪᠢᠴᠢᠵᠦ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠣᠯᠣᠨ ᠬᠢᠨᠠᠨ ᠲᠣᠭᠲᠠᠭᠠᠬᠤ ᠠᠵᠢᠯᠯᠠᠭ᠎ᠠ ᠶᠢᠨ | ᠵᠢᠷᠦᠮᠵᠢᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠠᠶᠤᠯ | ᠲᠦᠭᠰᠢᠭᠦᠷᠢ ᠶᠢ ᠴᠢᠨᠠᠭᠰᠢᠳᠠ ᠪᠠᠭᠤᠷᠠᠭᠤᠯᠵᠤ᠂ ᠬᠢᠨᠠᠨ ᠲᠣᠭᠲᠠᠭᠠᠬᠤ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠪᠡ᠃ | ᠬᠥᠲᠥᠯᠥᠭᠴᠢ᠄ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠥᠪ ᠨᠢ ᠭᠤᠷᠪᠠᠨ ᠣᠶᠢᠯᠠᠭᠠᠭᠳᠠᠬᠤᠨ ᠳᠤ | ᠴᠢᠭᠯᠡᠭᠦᠯᠦᠨ ᠶᠠᠮᠠᠷ ᠶᠠᠮᠠᠷ ᠳᠦᠷᠢᠮ ᠢ ᠪᠠᠶᠢᠭᠤᠯᠬᠤ ᠪᠤᠶᠤ ᠪᠠᠶᠢᠭᠤᠯᠬᠤ ᠪᠠᠷ ᠪᠡᠯᠡᠳᠬᠡᠵᠦ ᠪᠠᠶᠢᠬᠤ ᠪᠣᠶ︖ | ᠭᠤᠸ ᠬᠤᠸᠠᠨ ᠯᠢᠩ᠄ ᠨᠢᠭᠡ ᠳᠤ ︽ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ | ᠲᠥᠷᠥᠯ ᠵᠦᠢᠯ ᠤᠨ ᠬᠦᠷᠭᠡᠵᠦ ᠬᠢᠨᠠᠭᠤᠯᠬᠤ ᠮᠠᠲ᠋ᠧᠷᠢᠶᠠᠯ ᠤᠨ ᠬᠤᠯᠪᠣᠭᠳᠠᠯ ᠪᠦᠬᠦᠢ ᠵᠦᠢᠯᠡᠰ ᠢ ᠵᠢᠷᠤᠮᠵᠢᠭᠤᠯᠬᠤ | ᠲᠤᠬᠠᠢ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠲᠣᠭᠲᠠᠭᠠᠬᠤ ᠠᠮᠠᠯᠠᠯᠲᠠ ᠶᠢᠨ | ᠳᠦᠷᠢᠮ ᠢ ᠪᠠᠶᠢᠭᠤᠯᠤᠨ᠎ᠠ᠃ ᠬᠤᠶᠠᠷ ᠲᠤ ︽ᠤᠯᠠᠭᠠᠨᠴᠠᠪ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠲᠣᠶᠢᠮᠣ ᠲᠥᠰᠥᠪ ᠤᠨ ᠱᠠᠲᠤ ᠦᠶ᠎ᠡ ᠶᠢᠨ ᠬᠢᠨᠠᠨ ᠲᠣᠭᠲᠠᠭᠠᠬᠤ | ᠲᠤᠬᠠᠶᠢᠯᠠᠭᠰᠠᠨ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠲᠤᠭᠤᠷᠪᠢᠨ | ᠲᠣᠭᠲᠠᠭᠠᠨ᠎ᠠ᠃ ᠭᠤᠷᠪᠠ ᠳᠤ ︽ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ | ᠬᠢᠨᠠᠨ ᠲᠣᠭᠲᠠᠭᠠᠬᠤ ᠲᠥᠰᠥᠪ ᠤᠨ ᠱᠠᠲᠤᠨ ᠤ ᠲᠥᠷᠥᠯ ᠵᠦᠢᠯ ᠤᠨ ᠵᠠᠷᠤᠳᠠᠯ ᠲᠤᠰᠢᠶᠠᠬᠤ ᠬᠠᠮᠢᠶᠠᠷᠤᠯᠲᠠ ᠶᠢᠨ | ᠠᠷᠭ᠎ᠠ︾ ᠶᠢ ᠲᠣᠭᠲᠠᠭᠠᠵᠤ᠂ 2023 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠶᠢᠨ ᠲᠣᠰ | ᠱᠠᠲᠤᠨ ᠤ ᠲᠥᠰᠥᠪ ᠤᠨ ᠲᠥᠷᠥᠯ ᠵᠦᠢᠯ ᠤᠨ ᠬᠢᠨᠠᠨ ᠲᠣᠭᠲᠠᠭᠠᠬᠤ ᠵᠠᠷᠤᠳᠠᠯ ᠲᠤᠰᠢᠶᠠᠬᠤ ᠪᠠᠷᠢᠮᠵᠢᠶ᠎ᠠ ᠶᠢ | ᠥᠭᠡᠷᠡᠴᠢᠯᠡᠵᠦ᠂ ᠵᠥᠪᠬᠡᠨ ᠦᠨᠳᠦᠰᠦᠨ ᠵᠠᠷᠤᠳᠠᠯ ᠲᠤᠰᠢᠶᠠᠬᠤ ᠶᠢ ᠦᠯᠡᠳᠡᠭᠡᠵᠦ᠂ ᠦᠷ᠎ᠡ ᠠᠰᠢᠭ ᠤᠨ ᠵᠠᠷᠤᠳᠠᠯ | ᠲᠤᠰᠢᠶᠠᠬᠤ ᠶᠢ ᠦᠭᠡᠶᠢᠰᠬᠡᠨ᠎ᠡ᠃ ᠳᠥᠷᠪᠡ ᠳᠤ ᠬᠢᠨᠠᠨ ᠲᠣᠭᠲᠠᠭᠠᠬᠤ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ | ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ ᠵᠠᠭᠤᠴᠢ ᠪᠠᠶᠢᠭᠤᠯᠤᠮᠵᠢ ᠶᠢᠨ ᠬᠥᠳᠡᠯᠦᠩᠭᠦᠢ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ᠎ᠠ᠃ ᠠᠳᠠᠭ ᠢ ᠨᠢ ᠰᠢᠭᠰᠢᠭᠳᠡᠭᠦᠯᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ | ᠂ ᠶᠠᠰᠤ ᠴᠢᠨᠠᠷ ᠨᠢ ᠬᠢᠷᠢ ᠲᠡᠩᠴᠡᠬᠦ ᠦᠭᠡᠢ᠂ ᠴᠢᠳᠠᠮᠠᠭᠠᠢ ᠴᠢᠨᠠᠷ ᠢᠶᠠᠷ ᠳᠤᠲᠠᠮᠠᠭ᠂ ᠬᠠᠮᠢᠶᠠᠷᠤᠯᠲᠠ ᠨᠢ ᠡᠮᠬᠢ | ᠵᠠᠮᠪᠠᠷᠠᠭ᠎ᠠ ᠦᠭᠡᠢ ᠵᠠᠭᠤᠴᠢ ᠪᠠᠶᠢᠭᠤᠯᠤᠮᠵᠢ ᠶᠢ ᠴᠡᠪᠡᠷᠯᠡᠨ ᠭᠠᠷᠭᠠᠬᠤ ᠬᠡᠷᠡᠭᠲᠡᠢ᠃ ᠲᠠᠪᠤ ᠳᠤ ᠬᠢᠨᠠᠨ ᠲᠣᠭᠲᠠᠭᠠᠬᠤ | ᠰᠠᠨᠠᠯ ᠢ ᠰᠣᠯᠢᠯᠴᠠᠬᠤ ᠳᠦᠷᠢᠮ ᠢ ᠲᠡᠭᠦᠯᠳᠡᠷᠵᠢᠭᠦᠯᠦᠨ᠎ᠡ᠃ ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠲᠥᠷᠥᠯ | ᠵᠦᠢᠯ ᠤᠨ ᠨᠢᠭᠡᠴᠡ ᠪᠣᠯᠣᠨ ᠵᠠᠭᠤᠴᠢᠯᠠᠬᠤ ᠪᠦᠲᠦᠴᠡ ᠶᠢᠨ ᠬᠢᠨᠠᠨ ᠲᠣᠭᠲᠠᠭᠠᠬᠤ ᠶᠠᠪᠤᠴᠠ᠂ ᠬᠢᠨᠠᠨ ᠲᠣᠭᠲᠠᠭᠠᠬᠤ | ᠠᠷᠭ᠎ᠠ ᠶᠢᠨ ᠲᠠᠯ᠎ᠠ ᠪᠠᠷ ᠬᠢ ᠨᠡᠪᠲᠡᠷᠡᠯᠴᠡᠭᠡ ᠶᠢ ᠴᠢᠩᠭᠠᠳᠬᠠᠵᠤ᠂ ᠲᠥᠷᠥᠯ ᠵᠦᠢᠯ ᠤᠨ ᠨᠢᠭᠡᠴᠡ ᠶᠢᠨ ᠥᠨᠳᠥᠷ | ᠵᠢᠱᠢᠵᠦ ᠬᠠᠭᠤᠷᠮᠠᠭᠯᠠᠨ ᠪᠤᠳᠤᠬᠤ ᠬᠠᠨᠳᠤᠰᠢ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠡᠴᠦᠰ ᠲᠡᠭᠡᠨ | ᠲᠥᠪ ᠭᠤᠥᠯᠴᠢ᠂ ᠵᠦᠢ ᠵᠣᠬᠢᠰᠲᠠᠢ ᠬᠢᠨᠠᠨ ᠲᠣᠭᠲᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ᠃ | ᠬᠥᠲᠥᠯᠥᠭᠴᠢ᠄ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠥᠪ ᠲᠤ ᠳᠦᠷᠢᠮ ᠲᠣᠭᠲᠠᠭᠠᠯ ᠲᠣᠭᠲᠠᠭᠠᠵᠤ᠂ | ᠬᠡᠷᠡᠭᠯᠡᠯᠲᠡ ᠶᠢ ᠬᠦᠴᠦᠲᠡᠢ ᠠᠳᠬᠤᠬᠤ ᠶᠢᠨ ᠦᠷ᠎ᠡ ᠪᠦᠲᠦᠮᠵᠢ ᠨᠢ ᠶᠠᠭᠤ ᠪᠣᠶ︖ | ᠭᠤᠸ ᠬᠤᠸᠠᠨ ᠯᠢᠩ᠄ ︵ᠨᠢᠭᠡ︶ ᠲᠥᠷᠥᠯ ᠵᠦᠢᠯ ᠤᠨ ᠲᠣᠶᠢᠮᠣ ︵ᠤᠷᠢᠳᠴᠢᠯᠠᠨ︶ ᠪᠤᠳᠤᠬᠤ᠂ | ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ᠂ ᠳᠠᠭᠠᠭᠠᠴᠢᠯᠠᠯᠲᠠ ᠵᠠᠷᠯᠠᠬᠤ ᠶᠢ ᠡᠵᠡᠮᠳᠡᠬᠦ ᠦᠨ᠎ᠡ ᠶᠢᠨ ᠪᠡᠯᠡ | ᠣᠷᠣᠭᠤᠯᠤᠯᠲᠠ ᠶᠢ ᠬᠢᠨᠠᠨ ᠲᠣᠭᠲᠠᠭᠠᠬᠤ ᠲᠠᠯ᠎ᠠ ᠪᠠᠷ᠃ 2023 ᠣᠨ ᠤ ᠳᠡᠭᠡᠷ᠎ᠡ ᠬᠠᠭᠠᠰ ᠵᠢᠯ ᠳᠤ᠂ ᠪᠥᠬᠦ | ᠬᠤᠲᠠ ᠶᠢᠨ ᠬᠦᠷᠭᠡᠵᠦ ᠬᠢᠨᠠᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ 385050 ᠲᠦᠮᠡᠨ ᠲᠥᠭᠦᠷᠢᠭ ᠲᠤ | ᠬᠦᠷᠴᠦ᠂ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ 340738 ᠲᠦᠮᠡᠨ ᠲᠥᠭᠦᠷᠢᠭ ᠲᠤ | ᠬᠦᠷᠴᠦ᠂ 44312 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠬᠢᠨᠠᠨ ᠬᠠᠰᠤᠵᠤ᠂ ᠬᠢᠨᠠᠨ | ᠬᠠᠰᠤᠭᠰᠠᠨ ᠨᠣᠷᠮ᠎ᠠ 12% ᠬᠦᠷᠴᠡᠢ᠃ ᠡᠭᠦᠨ ᠳᠤ᠄ ᠬᠤᠲᠠ ᠶᠢᠨ ᠲᠣᠰ ᠱᠠᠲᠤᠨ ᠤ ᠳᠡᠭᠡᠷ᠎ᠡ ᠬᠠᠭᠠᠰ ᠵᠢᠯ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 59 ᠬᠦᠷᠭᠡᠵᠦ ᠬᠢᠨᠠᠭᠤᠯᠵᠤ᠂ ᠲᠦᠷᠦᠭᠦᠸ ᠵᠢᠯ ᠤᠨ ᠠᠳᠠᠯᠢ | ᠬᠤᠭᠤᠴᠠᠭᠠᠨ ᠤ ᠬᠢ ᠠᠴᠠ 14 ᠨᠡᠮᠡᠭᠳᠡᠭᠦᠯᠵᠦ᠂ ᠬᠦᠷᠭᠡᠵᠦ ᠬᠢᠨᠠᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ | 166876 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ 152651 | ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ 14225 ᠲᠦᠮᠡᠨ ᠲᠥᠭᠦᠷᠢᠭ᠂ | ᠬᠢᠨᠠᠨ ᠬᠠᠰᠤᠭᠰᠠᠨ ᠨᠣᠷᠮ᠎ᠠ 9% ᠳᠤ ᠬᠦᠷᠴᠡᠢ᠃ ᠡᠭᠦᠨ ᠳᠤ᠄ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠥᠰᠥᠪ ᠤᠨ ᠬᠦᠷᠭᠡᠵᠦ ᠬᠢᠨᠠᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ 157356 ᠲᠦᠮᠡᠨ | ᠲᠥᠭᠦᠷᠢᠭ᠂ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ 144281 ᠲᠦᠮᠡᠨ ᠲᠥᠭᠦᠷᠢᠭ᠂ | ᠬᠢᠨᠠᠨ ᠬᠠᠰᠤᠭᠰᠠᠨ ᠪᠡᠯᠡ ᠣᠷᠣᠭᠤᠯᠤᠯᠲᠠ ᠶᠢᠨ ᠲᠤᠭ᠎ᠠ 13075 ᠲᠦᠮᠡᠨ ᠲᠥᠭᠦᠷᠢᠭ᠂ ᠬᠢᠨᠠᠨ ᠬᠠᠰᠤᠭᠰᠠᠨ | ᠨᠣᠷᠮ᠎ᠠ 8%︔ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳ᠋ᠦᠩᠨᠡᠨ ᠪᠤᠳᠤᠵᠤ ᠬᠦᠷᠭᠡᠵᠦ | ᠬᠢᠨᠠᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ 9520 ᠲᠦᠮᠡᠨ ᠲᠥᠭᠦᠷᠢᠭ ᠲᠤ ᠬᠦᠷᠴᠦ᠂ 8370 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠬᠢᠨᠠᠨ ᠲᠣᠭᠲᠠᠭᠠᠵᠤ᠂ 1150 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠬᠢᠨᠠᠨ ᠬᠠᠰᠤᠵᠤ᠂ ᠬᠢᠨᠠᠨ ᠬᠠᠰᠤᠭᠰᠠᠨ ᠨᠣᠷᠮ᠎ᠠ | 12% ᠳᠤ ᠬᠥᠷᠪᠡ᠃ ︵ᠬᠤᠶᠠᠷ︶ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ | ᠦᠨᠡᠯᠡᠬᠦ ᠲᠠᠯ᠎ᠠ ᠪᠠᠷ᠃ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠥᠪ ᠤᠨ ᠲᠥᠷᠥᠯ ᠵᠦᠢᠯ ᠤᠨ ᠬᠢᠨᠠᠨ | ᠬᠠᠮᠢᠶᠠᠷᠬᠤ ᠠᠵᠢᠯᠲᠠᠨ ᠦᠢᠯᠡᠴᠢᠯᠡᠭᠡᠨ ᠤ ᠶᠠᠰᠤ ᠴᠢᠨᠠᠷ ᠤᠨ ᠶᠡᠷᠦᠩᠬᠡᠢ ᠬᠠᠨᠤᠮᠵᠢ ᠶᠢᠨ ᠬᠡᠮᠵᠢᠶ᠎ᠡ᠂ ᠮᠡᠳᠡᠭᠦᠯᠬᠦ | ᠬᠦᠴᠦᠨ ᠲᠠᠢ ᠬᠤᠭᠤᠴᠠᠭ᠎ᠠ᠂ ᠮᠡᠳᠡᠭᠦᠯᠬᠦ ᠶᠠᠰᠤ ᠴᠢᠨᠠᠷ᠂ ᠦᠢᠯᠡᠴᠢᠯᠡᠬᠦ ᠣᠪᠣᠷ ᠪᠠ ᠠᠰᠠᠭᠤᠳᠠᠯ ᠢ ᠰᠢᠢᠳᠪᠦᠷᠢᠯᠡᠬᠦ | ᠬᠤᠷᠳᠤᠴᠠ ᠵᠡᠷᠭᠡ 5 ᠲᠠᠯ᠎ᠠ ᠠᠴᠠ ᠵᠠᠭᠤᠴᠢ ᠪᠠᠶᠢᠭᠤᠯᠤᠮᠵᠢ ᠳᠤ ᠬᠤᠪᠢ ᠲᠣᠭᠲᠠᠭᠠᠵᠤ᠂ ᠣᠯᠣᠭᠰᠠᠨ ᠬᠤᠪᠢ ᠨᠢ | ᠨᠡᠯᠢᠶᠡᠳ ᠥᠨᠳᠥᠷ ︵ᠡᠯ᠎ᠡ ᠵᠦᠢᠯ ᠤᠨ ᠬᠤᠪᠢ ᠨᠢ 85 ᠬᠤᠪᠢ ᠠᠴᠠ ᠳᠡᠭᠡᠭᠰᠢ︶ ᠵᠠᠭᠤᠴᠢ ᠪᠠᠶᠢᠭᠤᠯᠤᠮᠵᠢ ᠳᠤ | ᠬᠢᠨᠠᠨ ᠲᠣᠭᠲᠠᠭᠠᠬᠤ ᠲᠥᠷᠥᠯ ᠵᠦᠢᠯ ᠢ ᠤᠷᠢᠳᠠᠪᠠᠷ ᠲᠣᠬᠢᠷᠠᠭᠤᠯᠵᠤ᠂ ᠵᠠᠭᠤᠴᠢ ᠪᠠᠶᠢᠭᠤᠯᠤᠮᠵᠢ ᠶᠢᠨ ᠬᠢᠨᠠᠨ | ᠲᠣᠭᠲᠠᠭᠠᠬᠤ ᠠᠵᠢᠯ ᠢᠶᠠᠨ ᠨᠠᠩ ᠰᠠᠶᠢᠨ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠲᠦᠷᠦᠭᠦᠸ ᠬᠠᠭᠠᠰ ᠵᠢᠯ ᠳᠤ | ᠨᠡᠶᠢᠲᠡ 27 ᠵᠠᠭᠤᠴᠢ ᠪᠠᠶᠢᠭᠤᠯᠤᠮᠵᠢ ᠶᠢ ᠬᠢᠨᠠᠨ ᠰᠢᠯᠭᠠᠵᠤ ᠦᠨᠡᠯᠡᠵᠡᠢ᠂ ᠡᠭᠦᠨ ᠳᠤ᠄ 10 ᠵᠠᠭᠤᠴᠢ | ᠪᠠᠶᠢᠭᠤᠯᠤᠮᠵᠢ ᠶᠢᠨ ᠬᠤᠪᠢ ᠨᠢ ᠬᠠᠨᠤᠮᠵᠢᠲᠠᠶ ᠪᠥᠭᠡᠳ ᠮᠠᠰᠢ ᠬᠠᠨᠤᠮᠵᠢᠲᠠᠶ᠂ 14 ᠵᠠᠭᠤᠴᠢ ᠪᠠᠶᠢᠭᠤᠯᠤᠮᠵᠢ ᠶᠢᠨ | ᠬᠤᠪᠢ ᠨᠢ ᠦᠨᠳᠦᠰᠦᠨ ᠳᠡᠭᠡᠨ ᠬᠠᠨᠤᠮᠵᠢᠲᠠᠶ᠂ 3 ᠵᠠᠭᠤᠴᠢ ᠪᠠᠶᠢᠭᠤᠯᠤᠮᠵᠢ ᠶᠢᠨ ᠬᠤᠪᠢ ᠨᠢ ᠬᠠᠨᠤᠮᠵᠢ ᠦᠭᠡᠢ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠢᠨᠠᠨ ᠲᠣᠭᠲᠠᠭᠠᠬᠤ ᠲᠥᠷᠥᠯ ᠵᠦᠢᠯ ᠢ ᠲᠣᠬᠢᠷᠠᠭᠤᠯᠬᠤ ᠳᠠᠭᠠᠨ ᠬᠤᠪᠢ | ᠨᠡᠯᠢᠶᠡᠳ ᠥᠨᠳᠥᠷ ᠵᠠᠭᠤᠴᠢᠯᠠᠬᠤ ᠪᠠᠶᠢᠭᠤᠯᠤᠮᠵᠢ ᠶᠢ ᠤᠷᠢᠳᠠᠪᠠᠷ ᠪᠣᠳᠣᠯᠬᠢᠯᠠᠵᠤ᠂ ᠮᠡᠷᠭᠡᠵᠢᠯ ᠤᠨ ᠬᠢᠷᠢ ᠬᠡᠮᠵᠢᠶ᠎ᠡ ᠪᠠᠷ | ᠥᠨᠳᠥᠷ ᠪᠢᠰᠢ᠂ ᠦᠢᠯᠡᠴᠢᠯᠡᠭᠡᠨ ᠤ ᠶᠠᠰᠤ ᠴᠢᠨᠠᠷ ᠢᠶᠠᠷ ᠨᠡᠯᠢᠶᠡᠳ ᠠᠨᠠᠢ ᠵᠠᠭᠤᠴᠢᠯᠠᠬᠤ ᠪᠠᠶᠢᠭᠤᠯᠤᠮᠵᠢ ᠶᠢ ᠠᠯᠬᠤᠮ | ᠠᠯᠬᠤᠮ ᠢᠶᠠᠷ ᠰᠢᠭᠰᠢᠭᠳᠡᠭᠦᠯᠦᠨ᠎ᠡ᠃ ︵ᠭᠤᠷᠪᠠ︶ ᠰᠢᠯᠭᠠᠷᠠᠭᠤᠯᠤᠯᠲᠠ ᠶᠢᠨ ᠶᠡᠷᠦᠩᠬᠡᠶᠢᠯᠡᠭᠰᠡᠨ ᠶᠠᠰᠤ ᠴᠢᠨᠠᠷ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠯᠭᠠᠷᠠᠭᠤᠯᠤᠯᠲᠠ ᠶᠢᠨ ᠰᠠᠨᠠᠯ ᠢᠶᠠᠨ ᠰᠣᠯᠢᠯᠴᠠᠬᠤ ᠲᠠᠯ᠎ᠠ ᠪᠠᠷ᠃ | ᠳᠡᠭᠡᠷ᠎ᠡ ᠬᠠᠭᠠᠰ ᠵᠢᠯ ᠳᠤ᠂ ᠲᠥᠷᠥᠯ ᠵᠦᠢᠯ ᠤᠨ ᠨᠢᠭᠡᠴᠡ ᠶᠢᠨ ᠰᠡᠵᠢᠭ ᠲᠠᠢ ᠬᠢᠨᠠᠨ ᠲᠣᠭᠲᠠᠭᠠᠭᠰᠠᠨ ᠦᠷ᠎ᠡ | ᠳ᠋ᠦᠩ ᠳᠤ ᠴᠢᠭᠯᠡᠭᠦᠯᠦᠨ᠂ ᠬᠢᠨᠠᠨ ᠲᠣᠭᠲᠠᠭᠠᠬᠤ ᠵᠠᠭᠤᠴᠢ ᠪᠠᠶᠢᠭᠤᠯᠤᠮᠵᠢ ᠪᠠ ᠵᠦᠢᠯᠡᠰ ᠤᠨ ᠨᠢᠭᠡᠴᠢ ᠶᠢ ᠵᠣᠬᠢᠶᠠᠨ | ᠪᠠᠶᠢᠭᠤᠯᠤᠨ ᠲᠤᠬᠠᠢ ᠶᠢᠨ ᠲᠠᠯᠠᠪᠤᠷ ᠲᠤ 20 ᠭᠠᠷᠤᠢ ᠤᠳᠠᠭ᠎ᠠ ᠰᠠᠨᠠᠯ ᠢᠶᠠᠨ ᠰᠣᠯᠢᠯᠴᠠᠭᠤᠯᠵᠤ᠂ 30 ᠭᠠᠷᠤᠢ | ᠵᠦᠢᠯᠡᠰ ᠤᠨ ᠬᠢᠨᠠᠨ ᠲᠣᠭᠲᠠᠭᠠᠭᠰᠠᠨ ᠳ᠋ᠦᠩᠨᠡᠯᠲᠡ ᠶᠢ ᠲᠤᠬᠠᠢ ᠶᠢᠨ ᠲᠠᠯᠠᠪᠤᠷ ᠲᠤᠨᠢ ᠨᠡᠪᠲᠡᠷᠡᠯᠴᠡᠨ ᠰᠣᠯᠢᠯᠴᠠᠵᠤ᠂ | ᠵᠦᠢᠯᠡᠰ ᠤᠨ ᠲᠥᠰᠥᠪ ᠢ ᠥᠨᠳᠥᠷ ᠵᠢᠱᠢᠵᠦ ᠬᠠᠭᠤᠷᠮᠠᠭᠯᠠᠨ ᠪᠤᠳᠤᠭᠰᠠᠨ ᠵᠦᠢᠯᠡᠰ ᠤᠨ ᠨᠢᠭᠡᠴᠢ ᠶᠢ ᠴᠠᠭ ᠲᠤᠬᠠᠢ | ᠳᠤᠨᠢ ᠤᠷᠢᠳᠴᠢᠯᠠᠨ ᠰᠡᠷᠡᠮᠵᠢᠯᠡᠭᠦᠯᠵᠦ᠂ ᠡᠴᠦᠰ ᠲᠡᠭᠡᠨ ᠡᠯ᠎ᠡ ᠲᠠᠯ᠎ᠠ ᠶᠢᠨ ᠬᠢᠨ ᠴᠥᠮ ᠨᠡᠯᠢᠶᠡᠳ ᠮᠡᠳᠡᠷᠡᠭᠰᠡᠨ | ᠦᠷ᠎ᠡ ᠳ᠋ᠦᠩ ᠲᠠᠢ ᠪᠣᠯᠵᠤ᠂ ᠵᠦᠢᠯᠡᠰ ᠤᠨ ᠨᠢᠭᠡᠴᠢ ᠶᠢᠨ ᠬᠠᠨᠤᠮᠵᠢ ᠶᠢᠨ ᠬᠡᠮᠵᠢᠶ᠎ᠡ 100% ᠰᠢᠬᠠᠮ ᠳᠤ ᠬᠦᠷᠴᠡᠢ᠃ | | ᠬᠥᠲᠥᠯᠥᠭᠴᠢ᠄ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠥᠪ ᠤᠨ ᠲᠠᠷᠠᠭᠠᠴᠢ ᠶᠢᠨ ᠠᠯᠬᠤᠮ ᠤᠨ | ᠠᠵᠢᠯ ᠤᠨ ᠭᠤᠣᠯᠳᠠᠯᠭ᠎ᠠ ᠨᠢ ᠶᠠᠭᠤ ᠪᠣᠶ︖ | ᠭᠤᠸ ᠬᠤᠸᠠᠨ ᠯᠢᠩ᠄ ︵ᠨᠢᠭᠡ︶ ︽ᠤᠯᠠᠭᠠᠨᠴᠠᠪ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠬᠡᠷᠡᠭᠵᠢᠭᠦᠯᠬᠦ ᠨᠠᠷᠢᠨ | ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠨ᠎ᠠ᠃ ᠣᠳᠣᠬᠠᠨ ᠳᠤ᠂ ︽ᠬᠢᠨᠠᠨ ᠲᠣᠭᠲᠠᠭᠠᠬᠤ | ᠲᠤᠬᠠᠶᠢᠯᠠᠭᠰᠠᠨ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠨᠢᠭᠡᠨᠲᠡ ᠬᠤᠰᠢᠭᠤ ᠰᠢᠶᠠᠨ ᠬᠤᠲᠠ ᠲᠣᠭᠤᠷᠢᠭ᠂ | ᠡᠯ᠎ᠡ ᠰᠠᠯᠠᠭ᠎ᠠ ᠮᠥᠴᠢᠷ ᠪᠣᠯᠣᠨ ᠡᠯ᠎ᠡ ᠰᠠᠯᠠᠭ᠎ᠠ ᠲᠠᠰᠤᠭ ᠤᠨ ᠰᠠᠨᠠᠯ ᠢ ᠬᠤᠷᠢᠶᠠᠵᠤ᠂ ᠬᠢᠨᠠᠨ ᠵᠥᠪᠯᠡᠵᠦ | ᠪᠠᠲᠤᠯᠠᠭᠰᠠᠨ ᠤ ᠳᠠᠷᠠᠭ᠎ᠠ᠂ ᠠᠯᠢ ᠲᠦᠷᠭᠡᠨ ᠢᠶᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ ︵ᠬᠤᠶᠠᠷ︶ ︽ | ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠲᠣᠶᠢᠮᠣ | ᠲᠥᠰᠥᠪ ᠤᠨ ᠱᠠᠲᠤ ᠦᠶ᠎ᠡ ᠶᠢᠨ ᠲᠥᠷᠥᠯ ᠵᠦᠢᠯ ᠤᠨ ᠵᠠᠷᠤᠳᠠᠯ ᠲᠤᠰᠢᠶᠠᠬᠤ ᠬᠠᠮᠢᠶᠠᠷᠤᠯᠲᠠ ᠶᠢᠨ ᠠᠷᠭ᠎ᠠ︾ ᠶᠢ | ᠳᠠᠷᠤᠮᠠᠯᠯᠠᠨ ᠲᠠᠷᠬᠠᠭᠠᠨ᠎ᠠ᠃ ᠲᠥᠰᠥᠭᠡᠯᠡᠨ ᠪᠤᠳᠤᠭᠰᠠᠨ ᠢᠶᠠᠷ᠂ ᠰᠢᠨ᠎ᠡ ᠪᠠᠷᠢᠮᠵᠢᠶ᠎ᠠ ᠳᠤ ᠬᠢᠨᠠᠨ ᠲᠣᠭᠲᠠᠭᠠᠬᠤ | ᠵᠠᠷᠤᠳᠠᠯ ᠢ ᠵᠢᠯ ᠪᠦᠷᠢ 20% ᠣᠷᠴᠢᠮ ᠢᠶᠠᠷ ᠠᠷᠪᠢᠯᠠᠵᠤ ᠪᠣᠯᠣᠨ᠎ᠠ᠂ ︽ᠵᠠᠷᠤᠳᠠᠯ ᠲᠤᠰᠢᠶᠠᠬᠤ ᠬᠠᠮᠢᠶᠠᠷᠤᠯᠲᠠ ᠶᠢᠨ | ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢ ᠲᠠᠷᠠᠭᠠᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ | ᠲᠥᠪ ᠠᠴᠠ ᠵᠠᠭᠤᠴᠢ ᠪᠠᠶᠢᠭᠤᠯᠤᠮᠵᠢ ᠪᠠ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠳᠤ ᠵᠠᠷᠤᠳᠠᠯ ᠲᠤᠰᠢᠶᠠᠬᠤ | ᠵᠢᠴᠢ ᠬᠠᠮᠢᠶᠠᠷᠤᠯᠲᠠ ᠶᠢᠨ ᠦᠨᠳᠦᠰᠦᠯᠡᠯ ᠪᠣᠯᠭᠠᠨ᠎ᠠ᠃ ︵ᠭᠤᠷᠪᠠ︶ ᠬᠢᠨᠠᠨ ᠲᠣᠭᠲᠠᠭᠠᠬᠤ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠥᠪ ᠨᠢ | ︽ᠬᠠᠤᠯᠢ ᠶᠣᠰᠣᠭᠠᠷ ᠬᠢᠨᠠᠨ ᠲᠣᠭᠲᠠᠭᠠᠬᠤ᠂ ᠭᠤᠣᠯᠳᠠᠯᠭ᠎ᠠ ᠶᠢᠨ ᠲᠣᠭᠤᠷᠢᠨ ᠳᠤ ᠦᠢᠯᠡᠴᠢᠯᠡᠬᠦ᠂ ᠶᠡᠭᠡ ᠲᠠᠯ᠎ᠠ ᠳᠤ | ᠦᠢᠯᠡᠴᠢᠯᠡᠬᠦ᠂ ᠭᠤᠣᠯᠳᠠᠯᠭ᠎ᠠ ᠶᠢ ᠳᠣᠪᠤᠶᠢᠯᠭᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ︾ ᠵᠠᠷᠴᠢᠮ | ᠶᠣᠰᠣᠭᠠᠷ᠂ ᠲᠥᠷᠥᠯ ᠵᠦᠢᠯ ᠤᠨ ᠲᠣᠶᠢᠮᠣ ︵ᠤᠷᠢᠳᠴᠢᠯᠠᠨ︶ ᠪᠤᠳᠤᠬᠤ᠂ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ | ᠬᠠᠭᠤᠳᠠᠰᠤ᠂ ᠳᠠᠭᠠᠭᠠᠴᠢᠯᠠᠯᠲᠠ ᠵᠠᠷᠯᠠᠬᠤ ᠶᠢ ᠬᠢᠵᠠᠭᠠᠷᠯᠠᠬᠤ ᠦᠨ᠎ᠡ ᠶᠢᠨ ᠪᠡᠯᠡ ᠣᠷᠣᠭᠤᠯᠤᠯᠲᠠ ᠶᠢ ᠬᠢᠨᠠᠨ | ᠲᠣᠭᠲᠠᠭᠠᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠲᠣᠭᠲᠠᠭᠠᠬᠤ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠨ᠎ᠠ᠃ ᠬᠢᠨᠠᠨ ᠲᠣᠭᠲᠠᠭᠠᠬᠤ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠳᠤ | ᠦᠨᠡᠯᠡᠯᠲᠡ ᠬᠢᠬᠦ ᠶᠢ ᠦᠷᠭᠦᠯᠵᠢᠯᠡᠨ ᠪᠠᠷᠢᠮᠲᠠᠯᠠᠵᠤ᠂ ᠬᠢᠨᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ᠃ ᠪᠢᠲᠡᠭᠦᠮᠵᠢᠯᠡᠭᠰᠡᠨ ᠮᠠᠶ᠋ᠢᠭ ᠤᠨ ᠪᠣᠷᠣ ᠲᠥᠯᠥᠪ ᠤᠨ ᠵᠥᠪᠯᠡᠯᠴᠡᠭᠡᠷ ᠤᠨ ᠠᠷᠭ᠎ᠠ ᠮᠠᠶ᠋ᠢᠭ ᠢ | ᠬᠡᠷᠡᠭᠯᠡᠨ ᠵᠠᠷᠤᠴᠠᠭᠤᠯᠤᠭᠰᠠᠨ ᠵᠠᠷᠤᠳᠠᠯ ᠤᠨ ᠯᠠᠪᠯᠠᠯᠭ᠎ᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠪᠠᠷ ᠲᠤᠷᠰᠢᠵᠤ | ᠂ ᠬᠢᠨᠠᠨ ᠲᠣᠭᠲᠠᠭᠠᠬᠤ ᠵᠠᠷᠤᠳᠠᠯ ᠢ ᠤᠯᠠᠮ ᠨᠢᠭᠡ ᠠᠯᠬᠤᠮ ᠪᠠᠭᠤᠷᠠᠭᠤᠯᠤᠨ᠂ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢᠨ ᠬᠢᠨᠠᠨ ᠲᠣᠭᠲᠠᠭᠠᠬᠤ ᠲᠥᠷᠥᠯ ᠵᠦᠢᠯ ᠢ ᠬᠢᠨᠠᠨ ᠲᠣᠭᠲᠠᠭᠠᠬᠤ ᠳᠤ ︽ᠳᠠᠬᠢᠨ ᠬᠢᠨᠠᠬᠤ | ᠠᠵᠢᠯᠲᠠᠨ ᠳᠠᠬᠢᠨ ᠬᠢᠨᠠᠬᠤ ︱ ᠳᠤᠭᠤᠶᠢᠯᠠᠩ ᠤᠨ ᠳᠠᠷᠤᠭ᠎ᠠ ᠳᠠᠬᠢᠨ ᠬᠢᠨᠠᠬᠤ ︱ ᠮᠡᠷᠭᠡᠵᠢᠯ ᠤᠨ ᠬᠠᠷᠢᠭᠤᠴᠠᠯᠭᠠᠲᠠᠨ | ᠳᠠᠬᠢᠨ ᠬᠢᠨᠠᠬᠤ︾ ᠭᠤᠷᠪᠠᠨ ᠱᠠᠲᠤᠨ ᠤ ᠳᠠᠬᠢᠨ ᠬᠢᠨᠠᠬᠤ ᠶᠢ ᠡᠵᠡᠮᠳᠡᠬᠦ ᠳᠦᠷᠢᠮ ᠢ ᠨᠠᠶᠢᠳᠠᠪᠤᠷᠢᠵᠢᠭᠤᠯᠵᠤ᠂ ᠭᠤᠣᠯ | ᠬᠢᠨᠠᠨ ᠬᠠᠮᠢᠶᠠᠷᠬᠤ ᠠᠵᠢᠯᠲᠠᠨ ᠪᠥᠬᠦ ᠶᠠᠪᠤᠴᠠ ᠳᠤ ᠮᠥᠷᠳᠡᠨ ᠬᠢᠨᠠᠯᠲᠠ ᠲᠠᠯᠪᠢᠵᠤ᠂ ᠪᠥᠬᠦ ᠲᠠᠯ᠎ᠠ ᠶᠢᠨ᠂ ᠣᠯᠠᠨ ᠲᠠᠰ | ᠳᠠᠪᠬᠤᠷᠭ᠎ᠠ ᠶᠢᠨ᠂ ᠬᠦᠴᠦᠨ ᠲᠡᠭᠦᠯᠳᠡᠷ ᠬᠢᠨᠠᠨ ᠬᠠᠮᠢᠶᠠᠷᠬᠤ ᠲᠣᠣᠷ ᠰᠦᠯᠵᠢᠶ᠎ᠡ ᠶᠢ ᠪᠣᠶ ᠪᠣᠯᠭᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |