ᠪᠠᠭᠰᠢ ᠶᠢᠨ ᠡᠩᠨᠡᠭᠡ ᠶᠢ ᠴᠢᠩᠭᠠᠳᠬᠠᠵᠤ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/21
ᠰᠤᠷᠪᠤᠯᠵᠢᠯᠠᠭ᠎ᠠ ᠬᠦᠯᠢᠶᠡᠭᠴᠢ᠄ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠾᠧ ᠶᠤᠸᠠᠨ ᠱᠧᠩ     ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠵᠦᠭᠯᠡᠭᠦᠷ︾ ᠢ ᠲᠣᠪᠴᠢᠯᠠᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠠᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠪᠠᠭᠰᠢ ᠶᠢᠨ ᠲᠣᠬᠢᠷᠠᠭᠤᠯᠤᠯᠲᠠ ᠶᠢ ᠭᠦᠨᠵᠡᠭᠡᠢ ᠰᠢᠯᠢᠳᠡᠭᠵᠢᠭᠦᠯᠦᠨ᠂ ᠪᠠᠭᠰᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ ᠶᠢᠨ ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ᠬᠥᠲᠥᠯᠥᠭᠴᠢ᠄ ᠮᠠᠨ ᠤ ᠰᠢᠶᠠᠨ ᠤ ᠬᠢᠨ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠪᠠᠨ ᠬᠡᠷᠬᠢᠨ ᠨᠠᠶᠢᠳᠠᠪᠤᠷᠢᠵᠢᠭᠤᠯᠬᠤ ᠪᠣᠶ︖     ᠾᠧ ᠶᠤᠸᠠᠨ ᠱᠧᠩ᠄ ᠡᠯ᠎ᠡ ᠰᠤᠷᠭᠠᠭᠤᠯᠢ ᠶᠢᠨ ᠬᠦᠷᠢᠶᠡᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠵᠦᠭᠯᠡᠭᠦᠷ︾ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠣᠶᠢᠵᠢᠭᠤᠯᠤᠨ ᠦᠢᠯᠡᠳᠦᠯᠭᠡᠵᠢᠭᠦᠯᠪᠡ᠃ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ︽ᠪᠣᠯᠪᠠᠰᠤᠨ ᠰᠤᠷᠭᠠᠭᠤᠯᠢ ᠶᠢᠨ ᠬᠦᠷᠢᠶ᠎ᠡ︾ ︽ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠪᠠ᠃ ︽ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠪᠠᠶᠠᠯᠢᠭ ᠰᠠᠶᠢᠬᠠᠨ ᠰᠣᠨᠢᠷᠬᠠᠯᠲᠠᠢ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠤᠷᠭᠠᠭᠤᠯᠢ ᠶᠢᠨ ᠬᠦᠷᠢᠶᠡᠨ ᠤ ᠰᠢᠷᠢᠰ ᠤᠷᠠᠯᠢᠭ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠦᠨᠡᠯᠡᠯᠲᠡ ᠶᠢᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠪᠡ᠃     ᠬᠥᠲᠥᠯᠥᠭᠴᠢ᠄ ᠮᠠᠨ ᠤ ᠰᠢᠶᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖     ᠾᠧ ᠶᠤᠸᠠᠨ ᠱᠧᠩ᠄ ᠡᠨᠡ ᠵᠢᠯ ᠤᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠠᠴᠠ ᠡᠬᠢᠯᠡᠨ᠂ ᠲᠣᠪᠴᠢᠶ᠎ᠠ ᠶᠢᠨ ᠪᠠᠭ ᠤᠨ ᠪᠦᠷᠢᠯᠳᠦᠭᠦᠨ ᠨᠠᠷ ᠵᠢᠭᠠᠨ ᠰᠤᠳᠤᠯᠤᠭᠴᠢ ᠪᠠᠨ ᠳᠠᠭᠠᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠰᠤᠷᠭᠠᠭᠤᠯᠢ ᠳᠤ ᠬᠦᠷᠴᠦ᠂ ᠬᠢᠴᠢᠶᠡᠯ ᠦᠨᠡᠯᠡᠬᠦ ᠶᠢ ᠰᠣᠨᠣᠰᠬᠤ᠂ ᠵᠢᠭᠠᠨ ᠰᠤᠷᠭᠠᠯᠲᠠ ᠶᠢᠨ ᠮᠠᠲ᠋ᠧᠷᠢᠶᠠᠯ ᠢ ᠪᠠᠶᠢᠴᠠᠭᠠᠬᠤ᠂ ᠶᠠᠷᠢᠯᠴᠠᠨ ᠰᠣᠯᠢᠯᠴᠠᠬᠤ᠂ ᠰᠦᠯᠵᠢᠶᠡᠨ ᠳᠡᠭᠡᠷ᠎ᠡ ᠬᠢᠴᠢᠶᠡᠯ ᠴᠠᠭᠳᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠯ᠎ᠡ ᠰᠤᠷᠭᠠᠭᠤᠯᠢ ᠶᠢᠨ ᠬᠠᠮᠢᠶᠠᠷᠤᠯᠲᠠ ᠶᠢᠨ ᠵᠤᠷᠰᠢᠯ᠂ ᠵᠢᠭᠠᠨ ᠰᠤᠷᠭᠠᠯᠲᠠ ᠶᠢᠨ ᠵᠤᠷᠰᠢᠯ ᠵᠡᠷᠭᠡ ᠠᠵᠢᠯ ᠳᠤ ︽ᠪᠢᠯᠵᠤᠤᠬᠠᠢ ᠲᠤᠶᠠᠴᠢᠨ ᠵᠠᠳᠠᠯᠬᠤ ᠮᠠᠶ᠋ᠢᠭ︾ ᠤᠨ ︽ᠣᠨᠣᠰᠢᠯᠠᠯᠲᠠ︾ ᠶᠢᠨ ᠵᠢᠯᠣᠭᠤᠳᠤᠯᠭ᠎ᠠ ᠬᠢᠨ᠎ᠡ᠃     ᠡᠭᠦᠨ ᠤ ᠬᠠᠮᠲᠤ᠂ ᠡᠯ᠎ᠡ ᠰᠤᠷᠭᠠᠭᠤᠯᠢ ᠶᠢᠨ ᠵᠠᠬᠢᠷᠤᠯ ᠡᠳᠦᠷ ᠪᠦᠷᠢ ᠬᠢᠴᠢᠶᠡᠯ ᠲᠣᠭᠤᠷᠢᠨ ᠬᠢᠴᠢᠶᠡᠯ ᠰᠣᠨᠣᠰᠴᠤ᠂ ᠭᠤᠣᠯᠯᠠᠭᠴᠢ ᠪᠠᠭᠰᠢ ᠨᠠᠷ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠢᠯᠡ ᠬᠢᠴᠢᠶᠡᠯ᠂ ᠦᠵᠡᠭᠦᠯᠭᠡ ᠶᠢᠨ ᠬᠢᠴᠢᠶᠡᠯ ᠵᠡᠷᠭᠡ ᠡᠯ᠎ᠡ ᠲᠥᠷᠥᠯ ᠤᠨ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠪᠠᠰᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠵᠠᠳᠠᠯᠤᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠡᠮᠬᠢᠯᠡᠨ ᠵᠠᠳᠠᠯᠵᠤ᠂ ᠵᠢᠭᠠᠨ ᠰᠤᠷᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠠᠯᠠᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠡ᠃     ᠬᠥᠲᠥᠯᠥᠭᠴᠢ᠄ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠠᠵᠢᠯ ᠶᠠᠭᠤ ᠶᠠᠭᠤ ᠪᠠᠶᠢᠬᠤ ᠪᠣᠶ︖     ᠾᠧ ᠶᠤᠸᠠᠨ ᠱᠧᠩ᠄ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠵᠡᠷᠭᠡ ᠰᠠᠯᠠᠭ᠎ᠠ ᠮᠥᠴᠢᠷ ᠲᠠᠢ ᠬᠠᠷᠢᠯᠴᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠡᠯ᠎ᠡ ᠰᠤᠷᠭᠠᠭᠤᠯᠢ ︵ᠬᠦᠷᠢᠶᠡᠯᠡᠩ︶ ᠨᠢ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠠᠲᠤᠳᠬᠠᠨ᠎ᠠ᠃ ᠰᠤᠷᠭᠠᠭᠤᠯᠢ᠂ ᠳᠣᠲᠣᠭᠠᠳᠤ ᠶᠢ ᠬᠠᠮᠠᠭᠠᠯᠠᠬᠤ᠂ ᠭᠡᠷ ᠤᠨ ᠠᠬᠠᠮᠠᠳ ᠵᠡᠷᠭᠡ ᠭᠤᠷᠪᠠᠨ ᠲᠠᠯ᠎ᠠ ᠶᠢᠨ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠠᠵᠢᠯᠯᠠᠭ᠎ᠠ ᠶᠢ ᠥᠷᠨᠢᠭᠦᠯᠪᠡ᠃ ︽ᠢᠨᠲ᠋ᠧᠷ ᠰᠦᠯᠵᠢᠶ᠎ᠡ ᠶᠢᠨ ᠠᠷᠪᠠᠨ ᠬᠡᠷᠡᠯᠳᠦ ᠲᠣᠭᠤᠭᠠᠨ ᠭᠡᠷ︾ ᠤᠨ ᠳᠥᠷᠪᠡᠨ 100% ᠶᠢᠨ ᠢᠨᠵᠧᠨᠧᠷᠢᠩ ᠢ ᠪᠡᠶᠡᠯᠡᠭᠦᠯᠵᠦ᠂ ᠸᠢᠳᠢᠣ᠋ ᠢᠶᠠᠷ ᠬᠢᠨᠠᠨ ᠡᠵᠡᠮᠳᠡᠬᠦ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠤᠭᠤᠯᠠ ᠪᠤᠳᠠᠭᠠᠨ ᠤ ᠤᠷᠤᠯᠳᠤᠭᠠᠨ ᠤ ᠲᠠᠶᠢᠰᠠᠨ ᠤ ᠮᠥᠷᠥᠶᠢᠴᠡᠭᠡᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠪᠠ᠃ ᠡᠯ᠎ᠡ ᠰᠤᠷᠭᠠᠭᠤᠯᠢ ᠶᠢᠨ ᠬᠦᠷᠢᠶᠡᠨ ᠳᠤ ᠴᠥᠮ ᠲᠤᠰᠬᠠᠢ ᠲᠤᠰᠢᠶᠠᠯᠲᠤ ᠠᠮᠤᠷ ᠢ ᠬᠠᠮᠠᠭᠠᠯᠠᠭᠴᠢ ᠲᠣᠬᠢᠷᠠᠭᠤᠯᠵᠤ᠂ ᠪᠣᠯᠪᠠᠰᠤᠷᠠᠭᠤᠯᠤᠯ ᠢᠶᠠᠷ ᠳᠡᠮᠵᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠪᠡᠶᠡᠯᠡᠭᠦᠯᠦᠨ᠎ᠡ᠃ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠠᠤᠯᠢ ᠳᠦᠷᠢᠮ ᠤᠨ ᠳᠡᠳ᠋ ᠵᠠᠬᠢᠷᠤᠯ ᠢ ᠤᠷᠢᠨ ᠲᠣᠮᠢᠯᠠᠭᠰᠠᠨ ᠪᠥᠭᠡᠳ ᠠᠯᠢ ᠤᠯᠠᠨ ᠠᠮᠤᠷ ᠲᠦᠪᠰᠢᠨ ᠤ ᠬᠥᠮᠦᠵᠢᠯ ᠪᠠ ᠬᠠᠤᠯᠢ ᠳᠦᠷᠢᠮ ᠤᠨ ᠬᠥᠮᠦᠵᠢᠯ ᠤᠨ ᠲᠠᠶᠢᠯᠤᠮᠵᠢ ᠶᠢ ᠥᠷᠨᠢᠭᠦᠯᠪᠡ᠃     ᠬᠥᠲᠥᠯᠥᠭᠴᠢ᠄ ᠮᠠᠨ ᠤ ᠰᠢᠶᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ ᠪᠣᠶ︖     ᠾᠧ ᠶᠤᠸᠠᠨ ᠱᠧᠩ᠄ ᠨᠢᠭᠡ ᠳᠤ ᠪᠠᠭᠰᠢ ᠶᠢᠨ ᠲᠣᠬᠢᠷᠠᠭᠤᠯᠤᠯᠲᠠ ᠶᠢ ᠭᠦᠨᠵᠡᠭᠡᠢ ᠰᠢᠯᠢᠳᠡᠭᠵᠢᠭᠦᠯᠦᠨ᠎ᠡ᠃ ᠢᠯᠡ ᠪᠠᠷ ᠪᠠᠭᠰᠢ ᠡᠯᠰᠡᠬᠦ ᠪᠠᠷ ᠳᠠᠮᠵᠢᠭᠤᠯᠤᠨ᠂ ᠰᠦᠢᠳᠬᠡᠯ ᠥᠯᠥ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠣᠷᠣᠭᠴᠢ ᠶᠢ ᠬᠠᠨᠳᠤᠯᠭ᠎ᠠ ᠲᠠᠢ ᠪᠠᠷ ᠭᠥᠯᠢᠶᠡᠨ ᠠᠪᠴᠤ᠂ ᠪᠠᠭᠰᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠨᠥᠬᠦᠪᠦᠷᠢᠯᠡᠨ ᠰᠢᠯᠢᠳᠡᠭᠵᠢᠭᠦᠯᠪᠡ᠃     ᠬᠤᠶᠠᠷ ᠲᠤ᠂ ᠪᠠᠭᠰᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠪᠠᠭᠰᠢ ᠶᠢ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠂ ᠰᠤᠳᠤᠯᠤᠨ ᠰᠤᠷᠤᠯᠴᠠᠬᠤ ᠠᠵᠢᠯ ᠢ ᠥᠷᠨᠢᠭᠦᠯᠵᠦ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠪᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠪᠠ ︽ᠠᠳᠠᠯᠢ ᠬᠢᠴᠢᠶᠡᠯ ᠤᠨ ᠣᠨᠳᠣᠣ ᠪᠦᠲᠦᠴᠡ︾ ᠶᠢᠨ ᠵᠢᠭᠠᠨ ᠰᠤᠳᠤᠯᠬᠤ ᠰᠣᠯᠢᠯᠴᠠᠭᠠᠨ ᠤ ᠠᠵᠢᠯᠯᠠᠭ᠎ᠠ ᠶᠢ ᠡᠷᠭᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠯ᠎ᠡ ᠬᠢᠴᠢᠶᠡᠯ ᠲᠥᠷᠥᠯ ᠤᠨ ︽ᠬᠢᠴᠢᠶᠡᠯ ᠤᠨ ᠪᠠᠷᠢᠮᠵᠢᠶ᠎ᠠ︾ ︵2022 ᠣᠨ ᠤ ᠬᠡᠪᠯᠡᠯ︶ ᠶᠢᠨ ᠪᠣᠯᠪᠠᠰᠤᠷᠠᠭᠤᠯᠤᠯ ᠪᠠ ᠰᠢᠨ᠎ᠡ ᠪᠠᠭᠰᠢ ᠶᠢᠨ ᠠᠵᠢᠯ ᠳᠤ ᠣᠷᠣᠬᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠪᠣᠯᠣᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠵᠣᠬᠢᠶᠠᠨ ᠪᠠᠶᠢᠭᠤᠯᠤᠨ ᠾᠥ᠋ᠪᠸᠢ ᠶᠢᠨ ᠾᠧᠩ ᠱᠦᠢ ᠳᠤᠮᠳᠠᠳᠤ ᠰᠤᠷᠭᠠᠭᠤᠯᠢ᠂ ᠪᠤᠭᠤᠲᠤ ᠶᠢᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠪᠣᠯᠣᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠣᠴᠢᠭᠤᠯᠵᠤ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠵᠢᠴᠢ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠰᠤᠷᠤᠯᠴᠠᠭᠤᠯᠤᠭᠰᠠᠨ ᠪᠥᠭᠡᠳ ᠬᠡᠰᠡᠭ ᠰᠤᠷᠭᠠᠭᠤᠯᠢ ᠯᠤᠭ᠎ᠠ ᠬᠠᠪᠰᠤᠷᠤᠯᠴᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠰᠠᠨᠠᠮᠵᠢ ᠶᠢ ᠠᠩᠬ᠎ᠠ ᠠᠯᠬᠤᠮ ᠲᠣᠬᠢᠷᠠᠯᠴᠠᠵᠠᠢ᠃     ᠭᠤᠷᠪᠠ ᠳᠤ᠂ ᠪᠠᠭᠰᠢ ᠶᠢᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ ᠪᠦᠬᠦ ᠰᠢᠶᠠᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠵᠢᠭᠠᠨ ᠰᠤᠷᠭᠠᠬᠤ ᠴᠢᠳᠠᠪᠤᠷᠢᠲᠠᠨ ᠤ ᠤᠷᠤᠯᠳᠤᠭᠠᠨ ᠵᠢᠴᠢ ᠵᠠᠯᠠᠭᠤ ᠪᠠᠭᠰᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ᠂ ︽ᠰᠠᠶᠢᠨ ᠬᠢᠴᠢᠶᠡᠯ ᠤᠨ ᠲᠠᠩᠬᠢᠮ︾ ᠤᠨ ᠤᠷᠤᠯᠳᠤᠭᠠᠨ ᠢ ᠡᠷᠬᠢᠯᠡᠵᠦ ᠂ ᠪᠦᠬᠦ ᠰᠢᠶᠠᠨ ᠤ ᠠᠩᠬ᠎ᠠ ᠳᠤᠮᠳᠠᠳᠤ᠂ ᠥᠨᠳᠥᠷ ᠳᠤᠮᠳᠠᠳᠤ ᠶᠢᠨ ᠨᠢᠭᠡᠳᠦᠭᠡᠷ ᠹᠷᠣᠨᠲ ᠤᠨ ᠪᠠᠭᠰᠢ ᠶᠢ ᠵᠣᠬᠢᠶᠠᠨ ᠪᠠᠶᠢᠭᠤᠯᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢᠨ ᠰᠢᠯᠭᠠᠯᠲᠠ ᠵᠡᠷᠭᠡ ᠶᠢ ᠬᠢᠵᠦ᠂ ᠪᠠᠭᠰᠢ ᠨᠠᠷ ᠤᠨ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠪᠠᠭᠰᠢ ᠨᠠᠷ ᠤᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠳᠡᠭᠡᠭᠰᠢᠯᠡᠭᠦᠯᠪᠡ᠃ ᠨᠠᠷᠠᠲᠤ ᠪᠠᠭᠰᠢ ᠶᠢᠨ ᠠᠵᠢᠯᠯᠠᠬᠤ ᠲᠠᠰᠤᠭ ᠪᠠ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠢ ᠪᠠᠶᠢᠭᠤᠯᠪᠠ᠃ ᠰᠢᠨ᠎ᠡ ᠬᠠᠭᠤᠴᠢᠨ ᠪᠠᠭᠰᠢ ᠶᠢᠨ ᠬᠤᠣᠰᠯᠠᠯ ᠪᠠᠶᠢᠭᠤᠯᠵᠤ ᠬᠠᠪᠰᠤᠷᠤᠨ ᠲᠡᠳᠬᠦᠬᠦ ︽ᠬᠥᠬᠡ ᠥᠩᠭᠡᠲᠦ ᠢᠨᠵᠧᠨᠧᠷᠢᠩ︾ ᠢ ᠬᠡᠷᠡᠭᠵᠢᠭᠦᠯᠵᠦ᠂ ᠠᠬᠠᠮᠠᠳ ᠪᠠᠭᠰᠢ ᠶᠢᠨ ᠤᠯᠠᠮᠵᠢᠯᠠᠬᠤ᠂ ᠬᠠᠪᠰᠤᠷᠬᠤ᠂ ᠳᠠᠭᠠᠭᠤᠯᠬᠤ ᠶᠢᠨ ᠢᠳᠡᠪᠬᠢ ᠦᠢᠯᠡᠳᠦᠯ ᠪᠣᠯᠣᠨ ᠭᠤᠣᠯᠯᠠᠭᠴᠢ ᠪᠠᠭᠰᠢ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠬᠦᠴᠦᠯᠡᠨ ᠪᠠᠳᠠᠷᠠᠭᠤᠯᠵᠤ᠂ ᠵᠠᠯᠠᠭᠤ ᠪᠠᠭᠰᠢ ᠶᠢᠨ ᠡᠷᠡᠭᠦᠯ ᠴᠢᠭᠢᠷᠠᠭ᠂ ᠲᠦᠷᠭᠡᠨ ᠦᠰᠦᠨ ᠪᠣᠶᠢᠵᠢᠬᠤ ᠶᠢ ᠠᠬᠢᠭᠤᠯᠪᠠ᠃     ᠳᠥᠷᠪᠡ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠪᠡ᠃ ᠪᠠᠭᠰᠢ ᠶᠢᠨ ᠶᠣᠰᠣ ᠮᠣᠷᠠᠯ ᠢ ᠰᠢᠯᠭᠠᠨ ᠦᠨᠡᠯᠡᠬᠦ ᠶᠢ ᠪᠠᠭᠰᠢ ᠶᠢ ᠰᠢᠯᠭᠠᠨ ᠬᠢᠨᠠᠬᠤ ᠶᠢᠨ ᠭᠤᠣᠯ ᠠᠭᠤᠯᠭ᠎ᠠ ᠪᠣᠯᠭᠠᠵᠤ᠂ ᠪᠠᠭᠰᠢ ᠶᠢᠨ ᠬᠢᠷᠢ ᠬᠡᠮ ᠢ ᠳᠠᠩᠰᠠᠯᠠᠬᠤ᠂ ᠮᠡᠷᠭᠡᠵᠢᠯ ᠤᠨ ᠴᠣᠯᠠ ᠲᠣᠭᠲᠠᠭᠠᠬᠤ ᠤᠷᠢᠬᠤ᠂ ᠰᠢᠯᠢᠳᠡᠭ ᠢ ᠰᠢᠯᠭᠠᠷᠠᠭᠤᠯᠤᠨ ᠱᠠᠩᠨᠠᠬᠤ ᠵᠡᠷᠭᠡ ᠠᠵᠢᠯ ᠤᠨ ᠳᠤᠮᠳᠠ᠂ ᠪᠠᠭᠰᠢ ᠶᠢᠨ ᠶᠣᠰᠣ ᠮᠣᠷᠠᠯ ᠤᠨ ᠢᠯᠡᠷᠡᠯ ᠢ ᠨᠢᠭᠡ ᠫᠢᠶᠣᠣ ᠪᠠᠷ ᠦᠭᠡᠶᠢᠰᠬᠡᠬᠦ ᠳᠦᠷᠢᠮ ᠢ ᠬᠡᠷᠡᠭᠵᠢᠭᠦᠯᠦᠨ᠎ᠡ᠃                                          ᠤᠷᠴᠢᠭᠤᠯᠤᠭᠴᠢ᠄ ᠬᠦᠰᠡᠯ                                          ᠬᠢᠨᠠᠭᠴᠢ᠄ ᠠᠷᠢᠭᠤᠨ
 
ᠢᠷᠡᠯᠲᠡ᠄ ᠯᠢᠶᠡᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2