ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠢᠲᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/22
    12 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠪᠠᠶᠢᠴᠠᠭᠠᠨ ᠰᠤᠳᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠧᠢ ᠭᠦᠢ ᠶᠢᠩ ᠪᠠᠯᠭᠠᠰᠤᠨ ᠤ ᠤᠯᠠᠭᠠᠨ ᠲᠤᠭ ᠲᠣᠰᠬᠤᠨ᠂ ᠪᠠᠶᠠᠨᠲᠠᠯ᠎ᠠ ᠪᠠᠯᠭᠠᠰᠤᠨ ᠤ  ᠵᠢᠶᠠᠨ ᠲᠠᠨ ᠲᠣᠰᠬᠤᠨ ᠳᠤ᠂ ᠰᠦᠢ ᠸᠧᠢ ᠵᠢᠶᠦ᠋ᠨ ᠲᠠᠷᠢᠮᠠᠯ ᠤᠨ ᠬᠦᠯᠡᠮᠵᠢ ᠳᠤ ᠣᠷᠣᠵᠤ᠂ ᠬᠦᠯᠡᠮᠵᠢ ᠶᠢᠨ ᠳᠤᠯᠠᠭᠠᠨ ᠢ ᠬᠠᠮᠠᠭᠠᠯᠠᠬᠤ᠂ ᠭᠡᠷᠡᠯ ᠨᠥᠬᠦᠬᠦ ᠵᠡᠷᠭᠡ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠨᠢᠭᠲᠠ ᠯᠠᠪᠯᠠᠨ ᠠᠰᠠᠭᠤᠪᠠ᠃ ᠲᠡᠷᠡ᠂ ᠲᠥᠬᠦᠭᠡᠷᠦᠮᠵᠢᠲᠦ ᠲᠠᠷᠢᠶᠠᠯᠠᠩ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠂ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠰᠡᠷᠭᠡᠶᠢᠯᠡᠵᠦ᠂ ᠮᠡᠷᠭᠡᠵᠢᠯ ᠤᠨ ᠵᠢᠯᠣᠭᠤᠳᠤᠯᠭ᠎ᠠ ᠪᠣᠯᠣᠨ ᠦᠢᠯᠡᠴᠢᠯᠡᠭᠡ ᠶᠢ ᠴᠢᠩᠭᠠᠳᠬᠠᠵᠤ᠂ ᠲᠠᠷᠢᠮᠠᠯ ᠤᠨ ᠬᠦᠢᠲᠡᠨ ᠢ ᠰᠡᠷᠭᠡᠶᠢᠯᠡᠬᠦ ᠪᠠ ᠬᠥᠯᠳᠡᠬᠦ ᠶᠢ ᠡᠰᠡᠷᠭᠦᠴᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠷᠢᠮᠠᠯ ᠤᠨ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠵᠤ᠂ ᠬᠦᠢᠲᠡᠨ ᠠᠭᠤᠷ ᠠᠮᠢᠰᠬᠤᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠬᠦᠢᠲᠡᠨ ᠠᠭᠤᠷ ᠠᠮᠢᠰᠬᠤᠯ ᠮᠥᠨ ᠬᠦ ᠦᠷᠭᠦᠯᠵᠢᠯᠡᠬᠦ ᠪᠣᠯᠬᠤᠷ ᠰᠡᠷᠭᠡᠶᠢᠯᠡᠨ ᠠᠷᠭᠠᠴᠠᠬᠤ ᠠᠵᠢᠯ ᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠪᠠᠶᠢᠳᠠᠯ ᠢ ᠨᠡᠩ ᠴᠢᠩᠭ᠎ᠠ ᠵᠢᠱᠢᠵᠦ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠰᠡᠷᠭᠡᠶᠢᠯᠡᠬᠦ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠡᠯ᠎ᠡ ᠲᠥᠷᠥᠯ ᠤᠨ ᠴᠠᠰᠤ ᠮᠥᠰᠥ ᠶᠢ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠨᠤᠭ ᠲᠥᠬᠦᠭᠡᠷᠦᠮᠵᠢ ᠶᠢ ᠭᠦᠢᠴᠡᠳ ᠪᠡᠯᠡᠳᠬᠡᠵᠦ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠵᠣᠬᠢᠶᠠᠨ ᠪᠠᠶᠢᠭᠤᠯᠵᠤ ᠴᠠᠭ ᠲᠤᠬᠠᠢ ᠳᠤᠨᠢ ᠮᠥᠰᠥ ᠴᠠᠰᠤ ᠶᠢ ᠠᠷᠢᠯᠭᠠᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠵᠠᠩᠭᠢᠯᠠᠭ᠎ᠠ ᠶᠢᠨ ᠬᠡᠰᠡᠭ ᠪᠣᠯᠣᠨ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠣᠯᠣᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠴᠢᠩᠭ᠎ᠠ ᠨᠠᠶᠢᠳᠠᠪᠤᠷᠢᠵᠢᠭᠤᠯᠤᠨ᠂ ᠬᠦᠢᠲᠡᠨ ᠤᠷᠤᠰᠬᠠᠯ ᠤᠨ ᠡᠭᠦᠰᠦᠮᠡᠯ ᠭᠠᠢ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠶᠠᠪᠤᠳᠠᠯ ᠢ ᠨᠢᠭᠡᠨ ᠬᠠᠲᠠᠭᠤ ᠡᠭᠦᠷᠭᠡ ᠪᠣᠯᠭᠠᠵᠤ᠂ ᠨᠡᠭᠦᠷᠡᠰᠦ᠂ ᠴᠠᠬᠢᠯᠭᠠᠨ᠂ ᠬᠡᠢ ᠶᠢᠨ ᠬᠠᠩᠭᠠᠯᠭ᠎ᠠ ᠶᠢ ᠦᠨᠡᠨᠬᠦ ᠴᠢᠩᠭᠠᠳᠬᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ ᠣᠷᠣᠯᠴᠠᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2