ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠡ
ᠨᠡᠶᠢᠲᠡᠯᠡᠭᠰᠡᠨ ᠴᠠᠭ᠄
2023/12/25
    12 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠡᠷᠢᠭᠦᠯᠡᠭᠴᠢ ᠰᠦᠨ ᠱᠤᠤ ᠹᠧᠩ᠂ ᠸᠠᠩ ᠯᠢ ᠰᠢᠶᠠ ᠶᠢᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠤᠨ ᠲᠤᠬᠠᠢ ᠴᠣᠬᠤᠯᠠᠪᠤᠷᠢ ᠵᠢᠴᠢ ᠬᠤᠳᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠳᠡᠳ᠋ ᠳᠠᠷᠤᠭ᠎ᠠ ᠨᠠᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠷᠠᠳ ᠤᠯᠠᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠨᠡᠶᠢᠭᠡᠮ ᠤᠨ ᠤᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠰᠡᠷᠭᠡᠶᠢᠯᠡᠨ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠴᠠᠰᠤ ᠶᠢ ᠱᠦᠭᠦᠷᠳᠡᠨ ᠠᠷᠢᠯᠭᠠᠵᠤ ᠮᠥᠰᠥ ᠶᠢ ᠠᠷᠢᠯᠭᠠᠨ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ᠂ ᠵᠠᠮ ᠬᠠᠷᠢᠯᠴᠠᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠲᠣᠮᠣ ᠠᠯᠭᠠᠰᠠᠯᠳᠤ ᠪᠠᠷᠢᠯᠭ᠎ᠠ᠂ ᠲᠠᠷᠢᠶᠠᠯᠠᠩ ᠤᠨ ᠲᠥᠬᠦᠭᠡᠷᠦᠮᠵᠢ ᠶᠢᠨ ᠬᠦᠯᠡᠮᠵᠢ᠂ ᠮᠠᠯ ᠵᠢᠭᠦᠷᠲᠡᠨ ᠤ ᠬᠠᠰᠢᠶ᠎ᠠ ᠰᠠᠷᠠᠪᠴᠢ ᠵᠡᠷᠭᠡ ᠣᠷᠣᠢ ᠶᠢᠨ ᠬᠡᠰᠡᠭ ᠲᠤ ᠬᠤᠷᠠᠭᠰᠠᠨ ᠴᠠᠰᠤ ᠶᠢ ᠨᠢᠭᠲᠠ ᠬᠢᠨᠠᠨ ᠡᠵᠡᠮᠳᠡᠵᠦ᠂ ᠴᠠᠭ ᠲᠤᠬᠠᠢ ᠳᠤᠨᠢ ᠴᠡᠪᠡᠷᠯᠡᠵᠦ᠂ ᠮᠠᠭᠤ ᠠᠭᠤᠷ ᠠᠮᠢᠰᠬᠤᠯ ᠠᠴᠠ ᠪᠣᠯᠵᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠣᠨᠴᠠᠭᠠᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃     ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠡᠨᠡ ᠵᠢᠯ ᠤᠨ ᠠᠮᠵᠢᠯᠲᠠ ᠲᠠᠢ ᠲᠡᠭᠦᠰᠬᠡᠯ ᠲᠠᠢ ᠪᠣᠯᠬᠤ ᠪᠠ ᠢᠷᠡᠬᠦ ᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠡᠶᠡᠯᠡᠭᠦᠯᠬᠦ ᠬᠡᠷᠡᠭᠲᠡᠢ᠃ ᠪᠡᠶᠡᠯᠡᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠵᠠᠩᠭᠢᠯᠠᠭ᠎ᠠ ᠶᠢᠨ ᠴᠡᠭ ᠢ ᠠᠩᠬᠠᠷᠴᠤ᠂ ᠠᠬᠢᠴᠠ ᠶᠢ ᠠᠮᠵᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2