ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠥᠳᠡᠭᠡ ᠲᠣᠰᠬᠤᠨ ᠤ ᠪᠠᠷᠠᠭᠠᠨ ᠤ  ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ  ᠳᠡᠪᠰᠢᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/25
     12 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ  ᠳᠠᠷᠤᠭ᠎ᠠ ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠬᠥᠳᠡᠭᠡ  ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ  ᠴᠢᠨᠠᠷ ᠰᠠᠶᠢᠲᠠᠢ ᠬᠥᠭᠵᠢᠯᠲᠡ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ  ᠨᠠᠶᠢᠳᠠᠪᠤᠷᠢᠵᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠭᠦᠯᠬᠦ ᠪᠠ ᠭᠠᠮᠰᠢᠭ ᠢ  ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠳ᠋ᠠ ᠯᠢᠦ ᠬᠤᠤ ᠪᠠᠯᠭᠠᠰᠤ ᠶᠢᠨ ᠡᠯᠧᠺᠲᠷᠣᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ  ᠂ ᠳᠣᠯᠣᠭᠠᠨ ᠬᠤᠳᠳᠤᠭ ᠰᠤᠮᠤ ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ  ᠬᠦᠷᠢᠶᠡᠯᠡᠩ ᠪᠣᠯᠣᠨ ᠬᠤᠩᠬᠢᠯᠲᠤ ᠪᠠᠯᠭᠠᠰᠤ ᠶᠢᠨ ᠰᠢᠨ᠎ᠡ ᠶᠢ ᠡᠭᠦᠳᠬᠦ ᠪᠣᠬᠢᠷᠲᠤᠯ ᠦᠭᠡᠢ ᠲᠠᠷᠢᠶᠠᠯᠠᠩ ᠤᠨ  ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠲᠥᠪ ᠲᠤ᠂ ᠴᠢ ᠹᠧᠢ ᠶᠦᠨ ᠲᠠᠷᠢᠶᠠᠯᠠᠩ ᠤᠨ ᠪᠦᠲᠦᠭᠡᠭᠳᠡᠬᠦᠨ ᠢ  ᠬᠤᠳᠠᠯᠳᠤᠨ ᠠᠪᠬᠤ᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ ᠵᠢᠴᠢ ᠮᠠᠯ ᠤᠨ ᠭᠠᠷᠭᠠᠯᠲᠠ ᠶᠢᠨ ᠪᠠᠶᠢᠳᠠᠯ  ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠲᠡᠷᠡ᠂ ᠡᠬᠢ ᠪᠠᠶᠠᠯᠢᠭ ᠢ ᠤᠯᠠᠮ ᠴᠢᠨᠠᠭᠰᠢᠳᠠ ᠨᠢᠭᠡᠳᠦᠯᠲᠡᠢ  ᠲᠥᠯᠥᠪᠵᠢᠭᠦᠯᠵᠦ᠂ ᠵᠠᠭᠪᠤᠷ ᠤᠨ ᠰᠢᠨ᠎ᠡ ᠶᠢ ᠡᠭᠦᠳᠴᠦ᠂ ᠡᠯᠧᠺᠲᠷᠣᠨ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ  ᠶᠡᠭᠡ ᠠᠭᠤᠰᠤᠯᠴᠠᠯ ᠢ ᠠᠬᠢᠭᠤᠯᠵᠤ᠂ ᠬᠤᠳᠠ ᠬᠥᠳᠡᠭᠡ ᠶᠢᠨ ᠣᠷᠴᠢᠯ ᠤᠨ ᠶᠡᠭᠡ ᠰᠠᠭᠠᠳ ᠦᠭᠡᠢ ᠨᠡᠪᠲᠡᠷᠡᠬᠦ ᠶᠢ  ᠠᠬᠢᠭᠤᠯᠬᠤ ᠬᠡᠷᠡᠭᠲᠡᠢ᠃ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ  ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠮᠠᠯ ᠤᠨ ᠠᠰᠢᠭ  ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠬᠢᠷᠲᠤᠯ ᠦᠭᠡᠢ  ᠣᠷᠭᠠᠨᠢᠭ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ᠃ ᠲᠠᠷᠢᠶᠠᠯᠠᠩ ᠲᠠᠢ ᠬᠤᠯᠪᠣᠭᠠᠯᠠᠵᠤ  ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ  ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠵᠤ  ᠠᠬᠤᠶᠢᠯᠠᠯ ᠤᠨ ᠬᠡᠷᠡᠭᠴᠡᠭᠡ ᠪᠣᠯᠣᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ  ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠤᠣᠯ ᠰᠡᠳᠦᠪᠲᠦ  ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃      ᠭᠠᠯᠲᠤ ᠠᠭᠤᠯᠠ ᠶᠢᠨ ᠵᠤᠭᠠᠴᠠᠭᠰᠠᠳ ᠤᠨ ᠦᠢᠯᠡᠴᠢᠯᠡᠭᠡᠨ ᠤ ᠲᠥᠪ ᠪᠣᠯᠣᠨ ᠢ ᠮᠧᠩ ᠢ ᠮᠦ ᠠᠷᠠᠳ ᠤᠨ  ᠣᠷᠣᠨ ᠰᠠᠭᠤᠴᠠ ᠳᠤ᠂ ᠴᠢ ᠹᠧᠢ ᠶᠦᠨ ᠦᠵᠡᠮᠵᠢ ᠶᠢᠨ ᠣᠷᠣᠨ ᠢ ᠲᠡᠰ ᠳᠡᠪᠰᠢᠭᠦᠯᠵᠦ ᠥᠭᠡᠷᠡᠴᠢᠯᠡᠨ  ᠰᠠᠶᠢᠵᠢᠷᠠᠭᠤᠯᠤᠭᠰᠠᠨ ᠪᠠ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ  ᠭᠦᠨᠵᠡᠭᠡᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠦᠵᠡᠮᠵᠢ ᠶᠢᠨ  ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠴᠢᠩᠭᠠᠳᠬᠠᠵᠤ᠂  ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠭᠤᠯᠤᠭᠳᠠᠬᠤᠨ ᠢᠶᠠᠷ ᠪᠠᠶᠠᠯᠢᠭ᠂ ᠣᠨᠴᠠᠯᠢᠭ ᠢᠶᠠᠷ ᠢᠯᠠ  ᠲᠣᠳᠣ ᠰᠣᠳᠣᠨ ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ  ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠤᠯᠠᠨ ᠵᠤᠭᠠᠴᠠᠭᠰᠠᠳ ᠢ  ᠳᠠᠳᠠᠨ ᠠᠪᠴᠢᠷᠠᠵᠤ᠂ ︽ᠪᠡᠯᠡᠳᠬᠡᠯ ᠠᠪᠳᠠᠷ᠎ᠠ ᠶᠢᠨ ᠠᠵᠤ ᠠᠬᠤᠢ︾ ᠶᠢ ᠬᠥᠭᠵᠢᠭᠡᠨ ᠲᠠᠢ ᠪᠤᠵᠠᠭᠠᠶᠢᠷᠠᠭᠤᠯᠬᠤ  ᠬᠡᠷᠡᠭᠲᠡᠢ ᠭᠡᠵᠦ ᠬᠡᠯᠡᠪᠡ᠃      ᠲᠤᠶᠢᠯ ᠤᠨ ᠬᠦᠢᠲᠡᠨ ᠤᠷᠤᠰᠬᠠᠯ ᠪᠣᠯᠬᠤ ᠭᠡᠵᠦ ᠪᠠᠶᠢᠭ᠎ᠠ ᠦᠶ᠎ᠡ ᠳᠤ᠂ ᠴᠢ ᠹᠧᠢ ᠶᠦᠨ 12 ᠰᠠᠷ᠎ᠠ ᠶᠢᠨ  11 ᠤ ᠰᠥᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ  ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠬᠢᠵᠦ᠂  ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠦᠷᠦᠭᠰᠡᠨ ᠭᠠᠵᠠᠷ ᠪᠣᠯᠭᠠᠨ ᠳᠤ ᠴᠥᠮ ᠪᠦᠲᠦᠮᠵᠢᠲᠡᠢ ᠠᠷᠭ᠎ᠠ  ᠬᠡᠮᠵᠢᠶ᠎ᠡ ᠠᠪᠴᠤ ᠪᠠᠶᠢᠭᠠᠳ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠠᠷᠠᠳ  ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ  ᠭᠡᠵᠦ ᠰᠢᠶᠠᠩ ᠪᠠᠯᠭᠠᠰᠤᠨ ᠤ ᠺᠠᠳ᠋ᠷᠴᠤᠳ ᠲᠤ ᠲᠠᠬᠢᠨ ᠳᠠᠪᠲᠠᠨ ᠵᠠᠬᠢᠭᠰᠠᠨ ᠪᠠᠶᠢᠨ᠎ᠠ᠃      ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2