ᠴᠢ ᠹᠧᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ  ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/27
  12 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠴᠢ ᠹᠧᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ  ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ᠃     ᠴᠢ ᠹᠧᠢ ᠶᠦᠨ ᠤᠷᠢᠳ ᠬᠤᠵᠢᠳ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠷᠦᠨ  ᠴᠤᠸᠠᠩ ᠠᠵᠤ ᠦᠢᠯᠡᠰ ᠤᠨ ᠳᠡᠭᠡᠳᠦ ᠰᠤᠷᠭᠠᠭᠤᠯᠢ ᠳᠤ ᠬᠦᠷᠴᠦ᠂ ᠦᠢᠯᠡᠳᠪᠦᠷᠢᠯᠡᠯ ᠤᠨ ᠴᠢᠨᠠᠷᠲᠠᠢ ᠳᠠᠳᠤᠯᠭ᠎ᠠ  ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠦᠵᠡᠵᠦ᠂ ᠰᠤᠷᠭᠠᠭᠤᠯᠢ ᠡᠷᠭᠢᠯᠡᠬᠦ ᠵᠠᠭᠪᠤᠷ᠂ ᠴᠢᠳᠠᠪᠤᠷᠢᠲᠠᠨ ᠤ ᠬᠥᠮᠥᠵᠢᠭᠦᠯᠦᠯ᠂ ᠠᠵᠢᠯ  ᠣᠯᠭᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ  ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ  ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠳᠤ ᠱᠠᠭᠠᠷᠳᠠᠯᠭ᠎ᠠ ᠳᠤᠷᠠᠳᠪᠠ᠃     ᠴᠢ ᠹᠧᠢ ᠶᠦᠨ᠂ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠪᠦᠬᠦ  ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠤᠯᠠᠭᠠᠨᠴᠠᠪ ᠤᠨ ᠲᠣᠮᠣ ᠳ᠋ᠠᠶᠢᠲ᠋ᠠ᠂ ᠰᠢᠨ᠎ᠡ  ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ  ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ  ᠭᠦᠨᠵᠡᠭᠡᠶᠢᠷᠡᠭᠦᠯᠵᠦ᠂ ᠠᠵᠢᠯᠯᠠᠭᠠᠨ ᠢ ᠪᠠᠲᠤᠯᠠᠬᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠤᠭᠰᠠᠷᠠᠬᠤ ᠵᠡᠷᠭᠡ  ᠢᠵᠢ ᠪᠦᠷᠢᠳᠦᠭᠰᠡᠨ ᠠᠵᠤ ᠦᠢᠯᠡᠰ ᠤᠨ ᠬᠦᠷᠢᠶᠡᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠨᠠᠭᠰᠢᠳᠠ  ᠥᠷᠭᠡᠳᠬᠡᠵᠦ᠂ ᠭᠠᠷ ᠬᠥᠳᠡᠯᠬᠦ ᠴᠢᠳᠠᠪᠤᠷᠢ ᠪᠠᠷ ᠴᠢᠩᠭ᠎ᠠ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ  ᠮᠡᠷᠭᠡᠵᠢᠯ ᠤᠨ ᠠᠵᠢᠯᠴᠢᠨ ᠤ ᠡᠩᠨᠡᠭᠡ ᠶᠢ ᠪᠠᠶᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ  ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠲᠠᠢ  ᠤᠶᠠᠯᠳᠤᠭᠤᠯᠤᠨ᠂ ᠰᠤᠷᠤᠯᠴᠠᠬᠤ ᠰᠤᠷᠲᠠᠯ᠂ ᠰᠤᠷᠭᠠᠭᠤᠯᠢ ᠶᠢᠨ ᠰᠤᠷᠲᠠᠯ ᠢ ᠲᠥᠪ ᠪᠣᠯᠭᠠᠵᠤ᠂ ᠰᠤᠷᠭᠠᠭᠤᠯᠢ ᠶᠢᠨ  ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠳᠠᠳᠤᠯᠭ᠎ᠠ ᠪᠣᠯᠪᠠᠰᠤᠷᠠᠯ ᠪᠠ ᠠᠵᠢᠯ ᠮᠡᠷᠭᠡᠵᠢᠯ ᠤᠨ ᠬᠢᠷᠢ ᠬᠡᠮ ᠤᠨ  ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠨᠤᠯ ᠤᠨ  ᠵᠢᠭᠠᠨ ᠰᠤᠷᠭᠠᠯᠲᠠ ᠪᠠ ᠦᠢᠯᠡᠳᠦᠯᠭᠡ ᠶᠢᠨ ᠬᠡᠷᠡᠭᠯᠡᠯᠲᠡ ᠶᠢᠨ ︽ᠬᠤᠶᠠᠷ ᠵᠦᠢᠯ︾ ᠤᠨ ᠠᠰᠠᠭᠤᠳᠠᠯ ᠢ ᠪᠦᠬᠦ  ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ  ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2